ᠬᠤᠷᠢᠨᠭᠡᠷ ᠰᠢᠶᠠᠨ ᠤ 2024 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 19 ᠤ ᠡᠳᠦᠷ᠂ ᠬᠤᠷᠢᠨᠭᠡᠷ ᠰᠢᠶᠠᠨ ᠤ 2024 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠦᠬᠦ ᠰᠢᠶᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠴᠧᠩ ᠭᠤᠸᠠᠨ ᠪᠠᠯᠭᠠᠰᠤᠨ ᠤ ᠬᠠᠷᠢᠭᠤᠴᠠᠯᠭᠠᠲᠠᠨ ᠲᠣᠰᠪᠣᠷᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠠᠴᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠣᠯ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠪᠣᠯᠤᠨ᠎ᠠ᠂ ᠡᠯ᠎ᠡ ᠱᠠᠲᠤᠨ ᠤ ᠡᠯ᠎ᠡ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ︽ᠢᠳᠡᠭᠡᠨ ᠤ ᠪᠠᠭ᠎ᠠ ᠶᠠᠪᠤᠳᠠᠯ︾ ᠢ ᠠᠷᠠᠳ ᠤᠨ ᠠᠮᠢᠳᠤᠷᠠᠯ ᠢ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠭᠦᠷᠭᠡ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠨᠢᠭᠡ ᠶᠢ ᠠᠯᠳᠠᠪᠠᠯ ᠪᠦᠬᠦᠨ ᠢ ᠠᠯᠳᠠᠬᠤ ᠰᠡᠷᠡᠮᠵᠢ ᠪᠠᠷ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠢᠳᠡᠭᠡᠨ ᠤ ᠠᠮᠤᠷ ᠲᠦᠪᠰᠢᠨ ᠤ ᠡᠯ᠎ᠡ ᠲᠦᠷᠦᠯ ᠤᠨ ᠭᠡᠮ ᠰᠣᠭᠤᠭ ᠢ ︽ᠳᠥᠷᠪᠡᠨ ᠬᠠᠮᠤᠭ ᠤᠨ ᠴᠢᠩᠭ᠎ᠠ︾ ᠶᠢᠨ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠡᠬᠢ ᠡᠭᠦᠰᠦᠯ ᠠᠴᠠ ᠨᠢ ᠴᠡᠪᠡᠷᠰᠢᠭᠦᠯᠬᠦ᠂ ᠭᠤᠤᠯᠳᠠᠯᠭ᠎ᠠ ᠲᠠᠢ ᠭᠠᠵᠠᠷ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号