ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠲᠢᠶᠠᠨ ᠬᠤᠤ ᠰᠢᠯ ᠰᠢᠷᠬᠡᠭ ᠵᠡᠷᠭᠡ ᠠᠵᠤ ᠠᠬᠤᠶᠢᠯᠠᠯ ᠤᠨ ᠲᠦᠷᠦᠯ ᠵᠦᠢᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠦᠯᠬᠦᠮ ᠳᠠᠭᠠᠭᠤᠯᠤᠨ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃      ᠯᠢ ᠯᠢᠦ ᠰᠢᠶᠤᠤ ᠨᠠᠷ ᠤᠷᠢᠳ ᠬᠤᠵᠢᠳ ᠲᠢᠶᠠᠨ ᠬᠤᠤ ᠰᠢᠯ ᠰᠢᠷᠬᠡᠭ᠂ ᠴᠠᠩ ᠱᠸᠦ ᠡᠮ ᠤᠨ ᠦᠢᠯᠡᠰ᠂ ᠳ᠋ᠠ ᠲᠠᠩ ᠡᠮ ᠤᠨ ᠦᠢᠯᠡᠰ᠂ ᠵᠧᠩ ᠳ᠋ᠡ ᠬᠤᠩ ᠶᠧ᠂ ᠮᠧᠩ ᠨᠢᠦ ᠶᠢᠰᠦᠳᠦᠭᠡᠷ ᠬᠤᠭᠤᠴᠠᠭᠠᠨ ᠤ ᠲᠦᠷᠦᠯ ᠵᠦᠢᠯ ᠪᠣᠯᠤᠨ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠡᠢ᠃ ᠦᠢᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠳᠡᠭ᠂ ᠡᠵᠡᠩᠨᠡᠯᠲᠡ ᠶᠢᠨ ᠪᠠᠶᠢᠳᠠᠯ ᠵᠢᠴᠢ ᠣᠳᠣᠬᠠᠨ ᠳᠤ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠢ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃      ᠯᠢ ᠯᠢᠦ ᠰᠢᠶᠤᠤ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠣᠲᠣ ᠶᠠᠭ ᠬᠥᠭᠵᠢᠯᠲᠡ ᠶᠢᠨ ᠰᠢᠨ᠎ᠡ ᠡᠬᠢᠯᠡᠯᠲᠡ ᠶᠢᠨ ᠴᠡᠭ ᠲᠤ ᠣᠷᠣᠰᠢᠵᠤ ᠪᠠᠶᠢᠨ᠎ᠠ᠂ ᠰᠡᠳᠬᠢᠴᠡ ᠪᠠ ᠬᠠᠷᠠᠭ᠎ᠠ ᠪᠠᠨ ᠥᠷᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠰᠢᠨ᠎ᠡ ᠶᠢ ᠡᠭᠦᠳᠬᠦ ᠰᠡᠳᠬᠢᠬᠦᠶ ᠶᠢ ᠬᠥᠮᠦᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠵᠤ᠂ ᠭᠤᠤᠯᠯᠠᠬᠤ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠤᠨ᠂ ᠵᠦᠷᠢᠶᠡᠴᠢᠯᠡᠭᠰᠡᠨ᠂ ᠣᠨᠴᠠᠯᠢᠬᠵᠢᠭᠰᠠᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ︔ ᠦᠢᠯᠡᠳᠬᠦᠨ ᠤ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠪᠠ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ ᠂ ᠵᠠᠬ᠎ᠠ ᠳᠡᠯᠭᠡᠭᠦᠷ ᠤᠨ ᠵᠠᠳᠠᠯᠤᠯᠲᠠ ᠶᠢ ᠴᠢᠩᠭᠠᠳᠬᠠᠵᠤ᠂ ᠨᠡᠩ ᠨᠠᠷᠢᠯᠢᠭ ᠦᠢᠯᠡᠳᠬᠦᠨ ᠪᠠ ᠨᠡᠩ ᠨᠠᠷᠢᠯᠢᠭ ᠦᠢᠯᠡᠴᠢᠯᠡᠭᠡ ᠪᠠᠷ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠳᠡᠮᠵᠢᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号