ᠬᠤᠷᠢᠨᠭᠡᠷ ᠰᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠪᠠᠰᠣᠷᠠᠭᠤᠯᠤᠯ ᠤᠨ ᠬᠤᠷᠠᠯ ᠵᠢᠴᠢ ᠪᠦᠬᠦ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 17 ᠤ ᠡᠳᠦᠷ᠂ ᠬᠤᠷᠢᠨᠭᠡᠷ ᠰᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠪᠠᠰᠣᠷᠠᠭᠤᠯᠤᠯ ᠤᠨ ᠬᠤᠷᠠᠯ ᠵᠢᠴᠢ ᠪᠦᠬᠦ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠬᠤᠷᠠᠯᠳᠤᠵᠠᠢ᠃ ᠬᠤᠷᠠᠯ ᠠᠴᠠ ︽ᠪᠦᠬᠦ ᠰᠢᠶᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠲᠠᠶᠢᠯᠤᠮᠵᠢ ᠬᠢᠵᠡᠢ᠃      ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨᠬᠦ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠠᠷᠭ᠎ᠠ ᠪᠠᠨ ᠰᠢᠯᠢᠳᠡᠭᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠱᠠᠳᠤ ᠳᠠᠪᠬᠤᠷᠭ᠎ᠠ᠂ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠬᠤᠷᠢᠨᠭᠡᠷ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠴᠢᠬᠤᠯᠠᠴᠢᠯᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号