ᠭᠤᠤ ᠹᠧᠩ ᠰᠢᠶᠠᠨ ᠤ ᠳᠠᠷᠤᠭ᠎ᠠ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠦᠨᠵᠡᠭᠡᠶᠢᠷᠡᠨ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠪᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠠᠵᠢᠯ ᠢ ᠪᠠᠶᠢᠴᠠᠭᠠᠨ ᠰᠣᠳᠣᠯᠵᠣ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠦᠨᠵᠡᠭᠡᠶᠢᠷᠡᠨ ᠪᠥᠬᠦ ᠰᠢᠶᠠᠨ ᠤ ︽ᠲᠠᠪᠤᠳᠤᠭᠠᠷ ᠤᠳᠠᠭᠠᠨ ᠤ ᠠᠵᠣ ᠠᠬᠤᠢ ᠶᠢᠨ ᠨᠡᠶᠢᠳᠡᠮ ᠪᠠᠶᠢᠴᠠᠭᠠᠯᠲᠠ︾ ᠪᠠ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠬᠤ ᠪᠠᠭ ᠪᠠ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤ ᠪᠦᠬᠦ ᠰᠢᠶᠠᠨ ᠤ ︽ᠲᠠᠪᠤᠳᠤᠭᠠᠷ ᠤᠳᠠᠭᠠᠨ ᠤ ᠠᠵᠣ ᠠᠬᠤᠢ ᠶᠢᠨ ᠨᠡᠶᠢᠳᠡᠮ ᠪᠠᠶᠢᠴᠠᠭᠠᠯᠲᠠ︾ ᠠᠵᠢᠯ ᠪᠣᠯᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠭᠦᠨᠵᠡᠭᠡᠢ ᠵᠠᠳᠠᠯᠤᠯᠲᠠ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃      ᠭᠤᠤ ᠹᠧᠩ ᠴᠢᠬᠤᠯᠠᠴᠢᠯᠠᠭᠰᠠᠨ ᠨᠢ᠂ ᠨᠢᠭᠡ ᠳᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠦᠢᠯᠡᠳᠬᠦ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠤᠯᠤᠰ ᠲᠦᠷᠦ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠬᠡᠷᠡᠭ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠬᠤᠶᠢᠨᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠢᠨᠠᠨ ᠪᠠᠶᠢᠴᠠᠭᠠᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠠᠵᠢᠯ ᠤᠨ ᠪᠠᠷᠠᠭᠠᠯᠬᠢᠯᠠᠯ ᠤᠨ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠳᠤᠲᠠᠭᠤᠳᠠᠯ ᠪᠠ ᠪᠠᠭᠤᠷᠠᠶ ᠲᠠᠯ᠎ᠠ ᠳᠤ ᠴᠢᠭᠯᠡᠭᠦᠯᠦᠨ᠂ ᠡᠷᠲᠡ ᠠᠴᠠ ᠲᠥᠰᠦᠭᠡᠯᠡᠵᠦ᠂ ᠡᠷᠲᠡ ᠠᠴᠠ ᠰᠠᠨᠠᠭᠤᠯᠬᠤ ᠶᠢ ᠦᠨᠡᠨ ᠬᠦ ᠪᠡᠶᠡᠯᠡᠭᠦᠯᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠶ᠃ ᠭᠤᠷᠪᠠ ᠳᠤ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ︽ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ︾ ᠵᠠᠷᠴᠢᠮ ᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦᠷᠬᠡᠭ ᠶᠡᠭᠡ ᠲᠤᠭ᠎ᠠ ᠪᠦᠷᠢᠳᠬᠡᠯ ᠤᠨ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号