ᠶᠡᠭᠡ ᠤᠯᠠᠭᠠᠨᠬᠤᠲᠠ ᠰᠢᠶᠠᠩ ᠳᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/25
     ᠰᠣᠶᠣᠯ ᠤᠨ ᠥᠪ ᠢ ᠤᠯᠠᠮ ᠴᠢᠨᠠᠭᠰᠢᠳᠠ ᠤᠯᠠᠮᠵᠢᠯᠠᠨ ᠵᠠᠯᠭᠠᠮᠵᠢᠯᠠᠵᠤ᠂ ᠲᠡᠦᠬᠡ ᠰᠣᠶᠣᠯ ᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠡ ᠰᠣᠶᠣᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠶᠢᠨ ᠲᠤᠰᠠᠳᠠ᠂ 4 ᠰᠠᠷ᠎ᠠ ᠶᠢᠨ 18 ᠤ ᠡᠳᠦᠷ᠂ ᠶᠡᠭᠡ ᠤᠯᠠᠭᠠᠨᠬᠤᠲᠠ ᠰᠢᠶᠠᠩ  ᠤᠨ ᠬᠢᠨ ᠰᠣᠶᠣᠯ ᠤᠨ ᠥᠪ ᠢ ᠵᠠᠯᠭᠠᠮᠵᠢᠯᠠᠵᠤ ᠬᠠᠮᠠᠭᠠᠯᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠠᠵᠢᠯᠯᠠᠭ᠎ᠠ ᠶᠢᠨ ᠳᠤᠮᠳᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠥᠷᠨᠢᠭᠦᠯᠬᠦ ᠳᠡᠭᠡᠨ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠤᠯᠠᠮᠵᠢᠯᠠᠨ ᠵᠠᠯᠭᠠᠮᠵᠢᠯᠠᠬᠤ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠦᠨᠳᠦᠰᠦᠯᠡᠨ᠂ ᠬᠠᠮᠠᠭᠠᠯᠠᠬᠤ ᠪᠠ ᠠᠰᠢᠭᠯᠠᠬᠤ᠂ ᠬᠠᠮᠠᠭᠠᠯᠠᠬᠤ ᠪᠠ ᠬᠥᠭᠵᠢᠭᠦᠯᠬᠦ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠵᠡᠷᠭᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠠᠮᠠᠭᠠᠯᠠᠬᠤ ᠶᠢᠨ ᠳᠤᠮᠳᠠ ᠬᠥᠭᠵᠢᠭᠦᠯᠵᠦ᠂ ᠬᠥᠭᠵᠢᠭᠦᠯᠬᠦ ᠶᠢᠨ ᠳᠤᠮᠳᠠ ᠬᠠᠮᠠᠭᠠᠯᠠᠬᠤ ᠬᠡᠷᠡᠭᠲᠡᠶ᠂ ᠢᠩᠭᠢᠪᠡᠯ ᠰᠠᠶ᠋ᠢ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ ᠴᠢᠳᠠᠨ᠎ᠠ ᠭᠡᠵᠦ ᠳᠤᠷᠠᠳᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠶᠡᠭᠡ ᠤᠯᠠᠭᠠᠨᠬᠤᠲᠠ ᠰᠢᠶᠠᠩ ᠤᠨ ᠬᠢᠨ ᠥᠷᠭᠡᠨ ᠤᠯᠠᠨ ᠨᠠᠮ ᠤᠨ ᠭᠡᠰᠢᠭᠦᠨ ᠤ ᠰᠣᠶᠣᠯ ᠤᠨ ᠥᠪ ᠢᠶᠠᠨ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠪᠠᠳᠠᠷᠠᠭᠤᠯᠵᠤ᠂ ᠲᠡᠦᠬᠡ ᠶᠢ ᠰᠠᠬᠢᠨ ᠬᠠᠮᠠᠭᠠᠯᠠᠬᠤ ᠳᠤᠮᠳᠠ ᠦᠨᠡᠨᠬᠦ ᠢᠷᠡᠭᠡᠳᠦᠢ ᠪᠠᠨ ᠨᠡᠭᠡᠭᠡᠵᠦ᠂ ᠭᠦᠨ ᠵᠤᠵᠠᠭᠠᠨ ᠰᠣᠶᠣᠯ ᠤᠨ ᠢᠲᠡᠭᠡᠯ ᠢ ᠮᠢᠩᠭᠠᠨ ᠣᠨ ᠤ ᠡᠷᠲᠡᠨ ᠤ ᠦᠯᠡᠳᠡᠭᠳᠡᠯ ᠤᠨ ᠰᠣᠶᠣᠯ ᠤᠨ ᠦᠨᠦᠷ ᠠᠮᠲᠠ ᠳᠤ ᠰᠢᠮᠡᠳᠬᠡᠨ᠂ ᠨᠡᠩ ᠴᠢᠨᠠᠭᠰᠢᠳᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯᠤᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号