ᠬᠤᠷᠢᠨᠭᠡᠷ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠠᠬᠢᠭᠤᠯᠬᠤ ᠬᠤᠷᠠᠯ ᠵᠢᠴᠢ ᠲᠠᠭᠯᠠᠨ ᠮᠡᠳᠡᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/25
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠥᠷᠨᠢᠯᠲᠡ ᠶᠢ ᠠᠬᠢᠭᠤᠯᠬᠤ ᠶᠢᠨ ᠲᠤᠰᠠᠳᠠ᠂ 4 ᠰᠠᠷ᠎ᠠ ᠶᠢᠨ 23 ᠤ ᠡᠳᠦᠷ᠂ ᠬᠤᠷᠢᠨᠭᠡᠷ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠠᠬᠢᠭᠤᠯᠬᠤ ᠬᠤᠷᠠᠯ ᠵᠢᠴᠢ ᠲᠠᠭᠯᠠᠨ ᠮᠡᠳᠡᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃      ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠡᠨᠡᠬᠦ ᠤᠯᠤᠰ ᠲᠦᠷᠦ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠪᠡᠶᠡᠯᠡᠭᠦᠯᠦᠨ᠎ᠡ᠃ ᠬᠤᠶᠠᠷ ᠲᠤ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶ ᠪᠣᠯᠭᠠᠬᠤ ᠬᠡᠷᠡᠭᠲᠡᠶ᠃ ︽ᠬᠥᠬᠡᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ︾ ᠶᠢᠨ 62 ᠵᠦᠢᠯ ᠤᠨ ᠪᠣᠳᠠᠲᠠᠶ ᠠᠭᠤᠯᠭ᠎ᠠ ᠲᠠᠢ ᠬᠠᠷᠢᠴᠠᠭᠤᠯᠵᠤ᠂ ᠡᠯ᠎ᠡ ᠵᠦᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠦᠨ᠎ᠡ᠃ ᠭᠤᠷᠪᠠ ᠳᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠨ ᠲᠣᠳᠣᠷᠬᠠᠶᠢᠯᠠᠵᠤ᠂ ᠲᠤᠰᠬᠠᠢ ᠬᠠᠷᠢᠭᠤᠴᠠᠯᠭ᠎ᠠ ᠲᠠᠢ ᠬᠥᠮᠦᠰ ᠢ ᠨᠠᠶᠢᠳᠠᠪᠤᠷᠢᠵᠢᠭᠤᠯᠵᠤ᠂ ᠬᠠᠷᠢᠯᠴᠠᠨ ᠬᠠᠮᠵᠢᠯᠴᠠᠵᠤ᠂ ᠬᠠᠷᠢᠯᠴᠠᠨ ᠲᠦᠯᠬᠢᠯᠴᠡᠬᠦ ᠦᠵᠡᠭᠳᠡᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃ ᠲᠦᠷᠪᠡ ᠳᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠦᠬᠦ ᠨᠡᠶᠢᠭᠡᠮ ᠳᠤ ︽ᠦᠨᠡᠨᠴᠢ ᠢᠲᠡᠭᠡᠮᠵᠢᠲᠡᠢ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ᠂ ᠡᠯ᠎ᠡ ᠨᠢᠭᠡᠴᠢ ᠶᠢᠨ ᠬᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶ ᠪᠣᠯᠭᠠᠭᠰᠠᠨ ᠤ ᠬᠠᠮᠲᠤ ᠢᠲᠡᠭᠡᠮᠵᠢ ᠶᠢᠨ ᠰᠢᠰᠲ᠋ᠧᠮ ᠤᠨ ᠠᠵᠢᠯ ᠤᠨ ᠲᠠᠭᠯᠠᠨ ᠮᠡᠳᠡᠭᠦᠯᠬᠦ ᠴᠤᠪᠤᠷᠠᠯ ᠠᠷᠭ᠎ᠠ ᠪᠠ ᠠᠩᠬᠠᠷᠬᠤ ᠵᠦᠢᠯᠡᠰ ᠢ ᠲᠣᠳᠣᠷᠬᠠᠶ ᠡᠵᠡᠮᠰᠢᠵᠦ᠂ ᠪᠥᠬᠦ ᠰᠢᠶᠠᠨ ᠤ ᠢᠲᠡᠭᠡᠮᠵᠢ ᠶᠢᠨ ᠰᠢᠰᠲ᠋ᠧᠮ ᠵᠢᠴᠢ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号