ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ᠬᠤᠷᠢᠨᠭᠡᠷ ᠰᠢᠶᠠᠨ ᠤ ︽ᠤᠮᠠᠷᠠᠲᠤ ᠶᠢᠨ ᠭᠤᠷᠪᠠᠨ ᠣᠷᠣᠨ︾ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠡᠤ᠂ ᠳᠡᠳ᠋ ᠲᠡᠷᠢᠭᠦᠯᠡᠭᠴᠢ ᠯᠢ ᠰᠢᠶᠤᠤ ᠳ᠋ᠦᠩ᠂ ᠨᠠᠷᠢᠨ ᠪᠢᠴᠢᠭ ᠤᠨ ᠳᠠᠷᠤᠭ᠎ᠠ ᠸᠠᠩ ᠪᠢᠨ ᠨᠠᠷ ᠬᠤᠷᠢᠨᠭᠡᠷ ᠰᠢᠶᠠᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠯᠠᠶ ᠵᠣ᠋᠂ ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠩ ᠴᠢᠶᠦ᠋ᠨ ᠭᠸᠤ ᠰᠢᠶᠠᠩ ᠤᠨ ᠰᠠᠨ ᠬᠤᠤ ᠲᠣᠰᠬᠤᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠪᠠᠢ ᠡᠯ ᠶᠧ ᠶᠢᠨ ᠡᠯᠡᠰᠦᠨ ᠬᠠᠰᠢᠯᠭ᠎ᠠ ᠶᠢᠨ ᠪᠠᠲᠤᠯᠠᠪᠤᠷᠢ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠵᠤᠯᠵᠠᠭ᠎ᠠ ᠮᠣᠳᠣ ᠶᠢ ᠪᠤᠶᠢᠵᠢᠭᠤᠯᠤᠭᠰᠠᠨ ᠪᠠᠶᠢᠳᠠᠯ ᠢ ᠭᠦᠨᠵᠡᠭᠡᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠪᠠ ᠪᠥᠬᠦ ᠲᠠᠯ᠎ᠠ ᠪᠠᠷ ᠠᠬᠢᠭᠤᠯᠬᠤ ᠶᠢ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ ᠪᠠᠲᠤᠯᠠᠪᠤᠷᠢ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠵᠤᠯᠵᠠᠭ᠎ᠠ ᠮᠣᠳᠣ ᠬᠤᠳᠠᠯᠳᠤᠨ ᠠᠪᠬᠤ ᠪᠣᠭᠤᠮᠲᠠ᠂ ᠪᠤᠶᠢᠵᠢᠭᠤᠯᠬᠤ ᠪᠣᠭᠤᠮᠲᠠ᠂ ᠬᠠᠮᠢᠶᠠᠷᠤᠯᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠵᠤᠯᠵᠠᠭ᠎ᠠ ᠮᠣᠳᠣ ᠪᠤᠶᠢᠵᠢᠭᠤᠯᠬᠤ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠪᠠᠲᠤᠯᠠᠪᠤᠷᠢ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠢ ᠪᠠᠶᠢᠭᠤᠯᠬᠤ ᠦᠷ᠎ᠡ ᠪᠦᠲᠦᠮᠵᠢ ᠶᠢ ᠪᠠᠲᠤᠯᠠᠵᠤ᠂ ᠦᠷ᠎ᠡ ᠪᠠ ᠵᠤᠯᠵᠠᠭ᠎ᠠ ᠮᠣᠳᠣᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠵᠤᠯᠵᠠᠭ᠎ᠠ ᠮᠣᠳᠣᠨ ᠤ ᠪᠠᠲᠤᠯᠠᠪᠤᠷᠢ ᠶᠢ ᠬᠠᠩᠭᠠᠬᠤ ᠬᠡᠷᠡᠭᠲᠡᠢ ᠭᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号