ᠰᠢ ᠶᠢᠨ ᠫᠢᠩ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠶᠡᠭᠡ ᠬᠠᠮᠠᠭᠠᠯᠠᠯᠲᠠ ᠶᠡᠭᠡ ᠨᠡᠭᠡᠭᠡᠯᠲᠡ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ  ᠯᠢ ᠴᠢᠶᠠᠩ  ᠼᠠᠢ ᠴᠢ  ᠳ᠋ᠢᠩ ᠰᠢᠤᠸᠠᠢ ᠰᠢᠶᠠᠩ ᠣᠷᠣᠯᠴᠠᠪᠠ
ᠨᠡᠶᠢᠲᠡᠯᠡᠭᠰᠡᠨ ᠴᠠᠭ᠄
2024/4/25
     ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠭᠡᠢ ᠰᠠᠶᠢᠲᠤᠷ ᠠᠳᠬᠤᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      4 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠸᠠᠩ ᠶᠧ  ᠰᠡᠭᠦᠳᠡᠷᠯᠡᠪᠡ      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃      ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠢ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠨᠡᠨ ᠬᠦ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠤᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠬᠦ ᠪᠠ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠴᠢᠷᠮᠠᠶᠢᠨ ᠰᠢᠪᠲᠤᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ ᠲᠤᠯᠭᠠᠭᠤᠷᠢ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠴᠢᠭᠯᠡᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠶᠡᠭᠡ ᠨᠡᠭᠡᠭᠡᠯᠲᠡ ᠪᠠᠷ ᠶᠡᠭᠡ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠠᠷᠠᠭᠤᠨ ᠣᠷᠣᠨ ᠤ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ ᠣᠷᠣᠨ ᠤ ᠡᠬᠡ ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠬᠢᠯᠢ ᠳᠠᠭᠠᠤ ᠭᠠᠵᠠᠷ ᠣᠷᠣᠨ ᠤ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠨᠡᠩ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠲᠡ ᠶᠢᠨ ᠲᠠᠪᠴᠠᠩ ᠤᠨ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ ᠬᠤᠶᠢᠲᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠭᠢᠯᠭᠠᠨ ᠢ ᠵᠡᠭᠦᠨᠰᠢ ᠬᠦᠷᠭᠡᠬᠦ︾ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠲᠡᠰ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ ᠵᠣᠯᠭᠠᠭᠤᠯᠬᠤ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠢ ᠪᠠᠷ ᠪᠣᠶᠢᠵᠢᠭᠤᠯᠤᠨ᠂ ᠨᠢᠭᠡ ᠪᠦᠯᠦᠭ ᠮᠤᠵᠢ ᠶᠢᠨ ᠬᠡᠪᠴᠢᠶᠡᠨ ᠤ ᠳᠡᠳ᠋ ᠭᠤᠣᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ ᠬᠤᠭᠤᠷᠣᠨᠳᠣᠭᠢ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠤᠯᠭᠠᠬᠤ ᠬᠡᠷᠡᠭᠲᠡᠢ᠃ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ ᠦᠢᠯᠡᠳᠪᠦᠷᠢ ᠶᠢᠨ ᠲᠣᠮᠣ ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠣᠶᠢᠵᠢᠭᠤᠯᠵᠤ᠂ ᠲᠠᠷᠢᠶᠠᠴᠢᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ ᠪᠠᠯᠭᠠᠰᠤᠵᠢᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠬᠢ ᠳᠠᠳᠬᠠᠯ ᠢ ᠲᠡᠪᠴᠢᠵᠦ ᠰᠢᠨ᠎ᠡ ᠬᠡᠪ ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠢᠳᠡᠪᠬᠢᠲᠡᠢ ᠪᠤᠢ ᠪᠤᠯᠭᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠬᠠᠷᠢᠯᠴᠠᠨ ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠣᠭᠤᠮᠲᠠ ᠦᠵᠡᠰᠭᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ ᠬᠢᠵᠠᠭᠠᠷ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠲᠦᠷᠦᠯ ᠢᠶᠠᠷ ᠢᠶᠠᠨ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠲᠣᠭᠲᠠᠭᠠᠨ ᠪᠦᠷᠢᠨᠰᠢᠭᠦᠯᠵᠦ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ ᠪᠣᠳᠣᠯᠬᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠲᠠᠯᠪᠢᠵᠤ ᠪᠠᠶᠢᠷᠢ ᠲᠣᠭᠲᠠᠭᠠᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ;ᠨᠠᠷᠢᠯᠢᠬ ᠵᠦᠢᠯᠡᠰ ᠠᠴᠠ ᠭᠠᠷᠳᠠᠵᠤ᠂ ᠡᠯ᠎ᠡ ᠭᠠᠵᠠᠷ ᠤᠨ ᠤᠤᠯ ᠠᠴᠠ ᠪᠠᠨ ᠪᠠᠶᠢᠬᠤ ᠳᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠨᠡᠩ ᠤᠯᠠᠨ ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠣᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠭᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠢᠯᠡᠷᠬᠡᠶᠢᠯᠡᠪᠡ᠃       ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠵᠦ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠨᠣᠴᠠᠲᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃      ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号