ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠬᠤᠷᠢᠨᠭᠡᠷ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/25
     4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠤᠷᠢᠨᠭᠡᠷ ᠰᠢᠶᠠᠨ ᠳᠤ ᠭᠦᠨᠵᠡᠭᠡᠶᠢᠷᠡᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ᠂ ᠰᠢᠶᠠᠨ ᠤ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠩ ᠴᠢᠶᠦ᠋ᠨ ᠭᠸᠤ ᠰᠢᠶᠠᠩ ᠤᠨ ᠭᠤᠷᠪᠠᠳᠤᠭᠠᠷ ᠲᠣᠰᠬᠤᠨ ᠲᠣᠰᠬᠤᠨ ᠤ ᠡᠮᠦᠨᠡᠬᠢ ᠠᠮᠢ ᠠᠬᠤᠢ ᠶᠢᠨ ᠢᠨᠵᠧᠨᠧᠷᠢᠩ ᠤᠨ ᠲᠣᠭᠤᠷᠢᠭ ᠲᠤ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ 2024 ᠣᠨ ᠤ ᠤᠢ ᠰᠢᠭᠤᠢ ᠡᠪᠡᠰᠦ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠵᠠᠰᠠᠨ ᠴᠡᠭᠴᠡᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠪᠣᠯᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠪᠠᠢ ᠡᠯ ᠶᠧ ᠡᠯᠡᠰᠦᠨ ᠬᠠᠰᠢᠯᠭ᠎ᠠ ᠶᠢᠨ ᠤᠢ ᠰᠢᠭᠤᠢ ᠶᠢᠨ ᠲᠠᠯᠠᠪᠠᠢ ᠶᠢᠨ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ᠂ ᠴᠢᠬᠢ ᠮᠣᠳᠣᠨ ᠤ ᠲᠦᠷᠦᠯ ᠵᠦᠢᠯ᠂ ᠵᠢᠯ ᠤᠨ ᠴᠢᠬᠢ ᠶᠢᠨ ᠬᠡᠮᠵᠢᠶ᠎ᠡ᠂ ᠪᠦᠬᠦ ᠰᠢᠶᠠᠨ ᠤ ︽ᠭᠤᠷᠪᠠᠨ ᠤᠮᠠᠷᠠᠲᠤ︾ ᠶᠢᠨ ᠴᠢᠬᠢ ᠶᠢᠨ ᠬᠡᠮᠵᠢᠶ᠎ᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠠᠢ᠃ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠬᠡᠬᠤᠲᠠ ᠶᠢᠨ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ ᠬᠥᠬᠡᠬᠤᠲᠠ ᠶᠢᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠠᠷᠠᠴᠢᠯᠠᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠶᠢ ᠰᠠᠶᠢᠲᠤᠷ ᠠᠳᠬᠤᠬᠤ᠂ ᠤᠰᠤ ᠠᠷᠪᠢᠯᠠᠬᠤ ᠣᠶ ᠰᠢᠭᠤᠶ ᠡᠪᠡᠰᠦ ᠪᠡᠯᠴᠢᠭᠡᠷ ᠢ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ ᠶᠢ ᠴᠢᠩᠭᠠᠳᠬᠠᠬᠤ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠬᠤ ᠰᠠᠨᠠᠯ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠤᠨ ᠵᠠᠷᠯᠢᠭ ᠢ ᠡᠷᠡᠰ ᠳᠠᠭᠠᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠥᠪ ᠬᠤᠲᠠ ᠶᠢᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ᠃ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠤᠰ ᠬᠡᠲᠦ ᠶᠢᠨ ᠲᠠᠩᠰᠠ ᠶᠢ ᠪᠤᠳᠤᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠭᠠᠩ ᠬᠠᠭᠰᠠᠷᠠᠭᠠᠨ ᠳᠤ ᠳᠠᠭᠠᠮᠠᠭᠠᠢ᠂ ᠲᠠᠴᠢᠷ ᠨᠢᠮᠭᠡᠨ ᠮᠥᠷᠲᠡᠭᠡᠨ ᠰᠠᠯᠬᠢ ᠡᠯᠡᠰᠦ ᠶᠢ ᠡᠰᠡᠷᠭᠦᠴᠡᠬᠦ᠂ ᠬᠤᠵᠢᠷ ᠢ ᠡᠰᠡᠷᠭᠦᠴᠡᠬᠦ ᠨᠤᠲᠤᠭ ᠤᠨ ᠮᠣᠳᠣᠨ ᠤ ᠲᠥᠷᠥᠯ ᠪᠠ ᠡᠪᠡᠰᠦᠨ ᠤ ᠡᠭᠦᠯᠳᠡᠷ ᠢ ᠰᠣᠩᠭᠤᠨ ᠬᠡᠷᠡᠭᠯᠡᠵᠦ᠂ ᠨᠢᠭᠡ ᠶᠢ ᠳᠠᠷᠢᠪᠠᠯ ᠨᠢᠭᠡ ᠶᠢ ᠠᠮᠢᠯᠠᠭᠤᠯᠵᠤ᠂ ᠨᠢᠭᠡ ᠬᠡᠰᠡᠭ ᠳᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠬᠡᠷᠡᠭᠯᠡᠨ ᠡᠯᠡᠰᠦ ᠶᠢ ᠰᠡᠷᠭᠡᠶᠢᠯᠡᠨ ᠵᠠᠰᠠᠬᠤ ᠶᠢ ᠴᠢᠬᠤᠯᠠᠴᠢᠯᠠᠵᠤ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠭᠤᠯᠤᠮᠵᠢ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠵᠡᠷᠭᠡ ᠲᠦᠷᠢᠮ ᠢ ᠰᠠᠶᠢᠲᠤᠷ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠪᠢᠶᠠᠷᠢᠯᠠᠯᠲᠠ᠂ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠠᠢ ᠡᠯ ᠶᠧ ᠡᠯᠡᠰᠦᠨ ᠬᠠᠰᠢᠯᠭ᠎ᠠ ᠶᠢᠨ ᠡᠯᠡᠰᠦ ᠶᠢ ᠵᠠᠰᠠᠭᠰᠠᠨ ᠦᠢᠯᠡ ᠠᠵᠢᠯᠯᠠᠭ᠎ᠠ ᠶᠢ ᠰᠡᠳᠬᠢᠯ ᠲᠠᠯᠪᠢᠨ ᠰᠠᠶᠢᠲᠤᠷ ᠶᠠᠷᠢᠵᠤ᠂ ᠨᠡᠩ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠡᠯᠡᠰᠦ ᠶᠢ ᠰᠡᠷᠭᠡᠶᠢᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠪᠠᠬᠢᠵᠢᠭᠦᠯᠬᠦ ᠬᠡᠷᠡᠭᠲᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号