ᠬᠤᠷᠢᠨᠭᠡᠷ ᠰᠢᠶᠠᠨ ᠤ ᠬᠠᠩᠰᠢ ᠶᠢᠨ ᠡᠳᠦᠷ ᠤᠨ ᠱᠦᠭᠦᠷᠳᠡᠨ ᠲᠠᠬᠢᠯᠭ᠎ᠠ ᠵᠢᠴᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 1 ᠤ ᠡᠳᠦᠷ᠂ ᠪᠦᠬᠦ ᠰᠢᠶᠠᠨ ᠤ ᠬᠠᠩᠰᠢ ᠶᠢᠨ ᠡᠳᠦᠷ ᠤᠨ ᠱᠦᠭᠦᠷᠳᠡᠨ ᠲᠠᠬᠢᠯᠭ᠎ᠠ ᠵᠢᠴᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠵᠠᠢ᠃ ᠬᠤᠷᠠᠯ ᠨᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠠᠩᠰᠢ ᠶᠢᠨ ᠡᠳᠦᠷ ᠤᠨ ᠱᠦᠭᠦᠷᠳᠡᠯᠲᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠰᠬᠠᠶ ᠰᠡᠳᠦᠪᠲᠦ ᠲᠣᠬᠢᠷᠠᠭᠤᠯᠤᠯᠲᠠ ᠬᠢᠬᠦ ᠪᠠᠷ ᠵᠣᠷᠢᠯᠭ᠎ᠠ ᠪᠣᠯᠭᠠᠵᠠᠶ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠤᠢ ᠰᠢᠭᠤᠢ ᠶᠢᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠢᠯᠠᠩᠭᠤᠶ᠎ᠠ ᠬᠠᠩᠰᠢ ᠶᠢᠨ ᠡᠳᠦᠷ ᠤᠨ ᠲᠠᠬᠢᠯᠭ᠎ᠠ ᠳᠤ ᠭᠠᠯ ᠬᠡᠷᠡᠭᠯᠡᠬᠦ ᠤᠷᠬᠢᠯ ᠤᠨ ᠦᠶ᠎ᠡ ᠪᠣᠯᠬᠤ ᠭᠡᠵᠦ ᠪᠠᠶᠢᠭ᠎ᠠ ᠪᠣᠯᠬᠤᠷ᠂ ᠭᠠᠯ ᠢ ᠰᠡᠷᠭᠡᠶᠢᠯᠡᠬᠦ ᠠᠵᠢᠯ ᠤᠨ ᠳᠠᠷᠤᠯᠲᠠ ᠶᠡᠭᠡ ᠪᠠᠶᠢᠨ᠎ᠠ᠂ ᠦᠵᠡᠯ ᠰᠠᠨᠠᠭᠠᠨ ᠤ ᠬᠥᠪᠴᠢ ᠪᠠᠨ ᠴᠢᠩᠭᠠᠯᠠᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠡᠷᠡᠰ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠠᠶ ᠬᠠᠷᠢᠶᠠᠯᠠᠭᠳᠠᠬᠤ ᠭᠠᠵᠠᠷ ᠣᠷᠣᠨ᠂ ᠰᠠᠯᠠᠭ᠎ᠠ ᠮᠥᠴᠢᠷ᠂ ᠣᠶ ᠰᠢᠭᠤᠶ ᠬᠠᠮᠠᠭᠠᠯᠠᠭᠴᠢ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠭᠠᠯ ᠤᠨ ᠠᠶᠤᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠡᠷᠲᠡ ᠠᠴᠠ ᠴᠣᠬᠢᠯᠲᠠ ᠥᠭᠬᠦ᠂ ᠪᠠᠭ᠎ᠠ ᠠᠴᠠ ᠴᠣᠬᠢᠯᠲᠠ ᠥᠭᠬᠦ᠂ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠤᠬᠠᠮᠰᠠᠷ ᠢ ᠴᠢᠩᠭᠠᠳᠬᠠᠵᠤ᠂ 24 ᠴᠠᠭ ᠢᠶᠠᠷ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠭᠠᠷᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠲᠡᠷᠡ ᠳᠠᠷᠤᠶ ᠳᠤᠨᠢ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠠᠨ ᠠᠷᠭ᠎ᠠ ᠬᠡᠮᠵᠢᠶ᠎ᠡ ᠪᠠᠷ ᠤᠬᠠᠭᠤᠯᠭ᠎ᠠ ᠪᠠᠨ ᠴᠢᠩᠭᠠᠳᠬᠠᠵᠤ᠂ ᠥᠷᠭᠡᠨ ᠤᠯᠠᠨ ᠠᠷᠠᠳ ᠲᠦᠮᠡᠨ ᠢ ᠲᠠᠶᠢᠴᠢᠯᠠᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠳᠤ ᠣᠷᠣᠯᠴᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠲᠦᠷᠦᠭᠦᠯᠡᠨ ᠪᠣᠯᠪᠠᠰᠤᠨ ᠢᠶᠠᠷ ᠳᠠᠬᠢᠯᠭ᠎ᠠ ᠬᠢᠵᠦ᠂ ︽ᠨᠠᠳᠠ ᠪᠠᠷ ᠰᠡᠷᠭᠡᠶᠢᠯᠡᠭᠦᠯᠬᠦ ︾ ᠭᠡᠬᠦ ᠰᠠᠨᠠᠭᠠᠴᠢᠯᠠᠭ᠎ᠠ ᠦᠭᠡᠢ ᠱᠠᠭᠠᠷᠳᠠᠯᠭ᠎ᠠ ᠶᠢ ︽ᠪᠢᠳᠡ ᠰᠡᠷᠭᠡᠶᠢᠯᠡᠶ᠎ᠡ︾ ᠭᠡᠬᠦ ᠰᠠᠨᠠᠭᠠᠴᠢᠯᠠᠭ᠎ᠠ ᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠰᠢᠶᠠᠨ ᠤ ᠡᠯ᠎ᠡ ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠭᠡᠷ ᠤᠨ ᠪᠡᠯᠡᠳᠬᠡᠯ ᠳᠤᠭᠤᠶᠢᠯᠠᠩ ᠤᠨ ᠭᠤᠣᠯ ᠨᠥᠬᠦᠳ ᠬᠤᠷᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号