ᠬᠤᠷᠢᠨᠭᠡᠷ ᠰᠢᠶᠠᠨ ᠤ 2024 ᠣᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠢ ᠱᠦᠭᠦᠷᠳᠡᠨ ᠠᠷᠢᠯᠭᠠᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/4/7
     ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠭᠤᠨ ᠵᠢᠯ ᠤᠨ ᠬᠤᠪᠢᠰᠬᠠᠯ ᠤᠨ ᠭᠧᠨ ᠢ ᠤᠯᠠᠮᠵᠢᠯᠠᠵᠤ᠂ ᠲᠡᠦᠬᠡ ᠶᠢ ᠪᠠᠲᠤ ᠴᠡᠭᠡᠵᠢᠯᠡᠬᠦ ᠳᠤᠮᠳᠠ ᠠᠴᠠ ᠤᠶᠤᠨ ᠰᠠᠨᠠᠭᠠᠨ ᠤ ᠬᠦᠴᠦᠨ ᠢ ᠣᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠲᠡᠦᠬᠡ ᠶᠢᠨ ᠡᠭᠦᠷᠭᠡᠲᠦ ᠰᠡᠳᠬᠢᠯᠭᠡ ᠪᠣᠯᠤᠨ ᠴᠠᠭ ᠦᠶ᠎ᠡ ᠶᠢᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ ᠶᠤᠮ᠃ 4 ᠰᠠᠷ᠎ᠠ ᠶᠢᠨ 3 ᠤ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠬᠢᠨ ᠪᠦᠬᠦ ᠰᠢᠶᠠᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠡᠯ᠎ᠡ ᠡᠲᠡᠭᠡᠳ ᠤᠨ ᠤᠯᠠᠨ ᠲᠦᠮᠡᠨ ᠤ 600 ᠭᠠᠷᠤᠢ ᠬᠥᠮᠦᠨ ᠢ ᠵᠣᠬᠢᠶᠠᠨ ᠪᠠᠶᠢᠭᠤᠯᠵᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠢᠷᠡᠭᠦᠯᠵᠦ᠂ ︽ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠬᠠᠩᠰᠢ ᠶᠢᠨ ᠡᠳᠦᠷ ᠤᠨ ᠳᠠᠶᠢᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠨᠠᠷᠠᠰᠤ ᠮᠠᠶᠢᠯᠠᠰᠤ ᠬᠥᠬᠡᠷᠡᠨ ᠨᠣᠭᠤᠭᠠᠷᠠᠵᠤ᠂ ᠬᠠᠪᠤᠷ ᠤᠨ ᠬᠤᠷ᠎ᠠ ᠰᠢᠪᠡᠷᠡᠨ᠎ᠡ︔ ᠪᠠᠭᠠᠲᠤᠷᠴᠤᠳ ᠤᠨ ᠰᠦᠨᠡᠰᠦ ᠶᠢ ᠳᠠᠬᠢᠵᠤ᠂ ᠥᠨᠥᠳᠦᠷ ᠤᠨ ᠶᠠᠪᠤᠳᠠᠯ ᠠᠴᠠ ᠥᠩᠭᠡᠷᠡᠭᠰᠡᠨ ᠢ ᠡᠷᠭᠢᠴᠡᠭᠦᠯᠦᠨ᠎ᠡ᠃ ᠲᠥᠪ ᠶᠡᠬᠡᠮᠰᠦᠭ᠂ ᠰᠡᠬᠦ᠋ᠢᠨ ᠰᠦᠨᠳᠡᠷᠯᠡᠭᠰᠡᠨ ᠳᠤᠷᠠᠰᠬᠠᠯ ᠤᠨ ᠬᠦᠰᠢᠶ᠎ᠡ ᠶᠢᠨ ᠡᠮᠦᠨ᠎ᠡ᠂ ᠪᠦᠭᠦᠳᠡᠭᠡᠷ ᠢᠶᠠᠨ ᠬᠢᠴᠢᠶᠡᠩᠭᠦ᠋ᠢᠯᠡᠨ ᠵᠣᠭᠰᠣᠵᠤ ᠂ ᠦᠷᠡᠭᠳᠡᠭᠰᠡᠨ ᠪᠠᠭᠠᠲᠤᠷᠴᠤᠳ ᠲᠤ ᠨᠢᠭᠡ ᠮᠢᠨᠦ᠋ᠲ ᠨᠠᠮᠠᠨᠴᠢᠯᠠᠨ ᠭᠠᠰᠢᠭᠤᠳᠠᠵᠤ᠂ ᠭᠤᠷᠪᠠᠨᠲᠠ ᠶᠣᠰᠣᠯᠠᠪᠠ᠃ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠬᠥᠬᠡᠮᠳᠦᠭ ᠴᠡᠴᠡᠭ ᠬᠦᠷᠭᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠬᠠᠮᠲᠤ ᠪᠠᠷ ︽ᠨᠠᠮ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠵᠦ ᠤᠶᠠᠩᠭᠠᠯᠠᠨ ᠤᠩᠰᠢᠵᠤ᠂ ᠪᠠᠭᠠᠴᠤᠳ ᠬᠡᠦᠬᠡᠳ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾ ᠭᠡᠬᠦ ᠳᠠᠭᠤᠤ ᠪᠠᠷ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠰᠠᠨᠠᠭᠠᠯᠵᠠᠵᠤ ᠪᠠᠶᠢᠬᠤ ᠰᠡᠳᠬᠢᠯᠭᠡ ᠪᠠᠨ ᠢᠯᠡᠳᠬᠡᠵᠡᠢ᠃      ᠬᠥᠬᠡᠮᠳᠦᠭ ᠠᠭᠤᠯᠠᠨ ᠳᠤ ᠰᠢᠳᠤᠷᠭᠤ ᠶᠠᠰᠤ ᠶᠢ ᠪᠤᠯᠠᠵᠤ᠂ ᠲᠡᠦᠬᠡ ᠶᠢᠨ ᠬᠠᠭᠤᠳᠠᠰᠤᠨ ᠳᠤ ᠭᠠᠪᠢᠶ᠎ᠠ ᠵᠢᠳᠬᠦᠯ ᠢ ᠲᠡᠮᠳᠡᠭᠯᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠡᠯᠬᠡᠭ ᠵᠣᠷᠢᠭ ᠥᠨᠢᠳᠡ ᠮᠥᠩᠬᠡᠷᠡᠨ᠎ᠡ᠃ ᠡᠨᠡ ᠤᠳᠠᠭ᠎ᠠ ᠶᠢᠨ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠥᠷᠭᠡᠨ ᠤᠯᠠᠨ ᠪᠠᠭᠰᠢ ᠰᠤᠷᠤᠭᠴᠢ᠂ ᠨᠠᠮ ᠤᠨ ᠭᠡᠰᠢᠭᠦᠨ ᠺᠠᠳ᠋ᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠨ ᠡᠯ᠎ᠡ ᠡᠲᠡᠭᠡᠳ ᠤᠨ ᠤᠯᠠᠨ ᠲᠦᠮᠡᠨ ᠨᠢᠭᠡ ᠤᠳᠠᠭ᠎ᠠ ᠶᠢᠨ ᠭᠦᠨ ᠭᠦᠨᠵᠡᠭᠡᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠬᠦᠷᠳᠡᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠨᠡᠩ ᠪᠠᠲᠤᠳᠬᠠᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠠᠢ᠃ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠡᠷᠡᠯᠬᠡᠭᠯᠡᠨ ᠲᠡᠮᠡᠴᠡᠵᠦ᠂ ᠪᠦᠯᠬᠦᠮᠳᠡᠨ ᠨᠢᠭᠡᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠨᠠᠮ ᠤᠨ ᠭᠡᠰᠢᠭᠦᠳ ᠢᠯᠡᠳᠬᠡᠵᠡᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号