ᠬᠤᠲᠠ᠂ ᠰᠢᠶᠠᠨ ᠬᠤᠶᠠᠷ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠬᠠᠩᠰᠢ ᠶᠢᠨ ᠡᠳᠦᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2024/4/8
 
     ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ 4 ᠳ᠋ᠤᠭᠡᠷ ᠰᠠᠷ᠎ᠠ ᠶᠢᠨ 4 ᠤ ᠡᠳᠦᠷ᠂ ᠬᠤᠲᠠ᠂ ᠰᠢᠶᠠᠨ ᠬᠤᠶᠠᠷ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠬᠠᠩᠰᠢ ᠶᠢᠨ ᠡᠳᠦᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠪᠠ᠃      ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠥᠷᠪᠡᠳᠦᠭᠡᠷ ᠳᠠᠭᠠᠭᠠᠴᠢᠯᠠᠨ ᠬᠤᠯᠪᠤᠭᠠᠯᠠᠭᠰᠠᠨ ᠳᠤᠭᠤᠶᠢᠯᠠᠩ ᠤᠨ ᠳᠡᠳ᠋ ᠭᠠᠵᠠᠷ ᠤᠨ ᠳᠡᠰ ᠤᠨ ᠺᠠᠳ᠋ᠷ ᠾᠧ ᠹᠧᠩ ᠨᠡᠷ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠴᠧᠨ ᠵᠢᠩ ᠤᠨ ᠪᠠᠷ᠎ᠠ ᠪᠣᠯᠣᠯᠭ᠎ᠠ ᠲᠠᠢ ᠪᠠᠷ᠂ ᠤᠷᠢᠳ ᠬᠤᠵᠢᠳ ᠴᠧᠩ ᠭᠤᠸᠠᠨ ᠤ ᠬᠤᠶᠢᠲᠤ ᠠᠭᠤᠯᠠ᠂ ᠴᠧᠩ ᠭᠤᠸᠠᠨ ᠤ ᠡᠮᠦᠨ᠎ᠡ ᠠᠭᠤᠯᠠ᠂ ᠨᠠᠨ ᠲᠢᠶᠠᠨ ᠮᠧᠨ ᠤᠢ ᠰᠢᠭᠤᠢ ᠶᠢᠨ ᠲᠠᠯᠠᠪᠠᠢ ᠶᠢᠨ ᠰᠢ ᠽᠦᠢ ᠽᠢ ᠬᠤᠷᠢᠭ᠎ᠠ ᠴᠡᠭ ᠪᠣᠯᠤᠨ ᠬᠤᠸᠠ ᠶᠠᠨ ᠽᠢ ᠬᠤᠷᠢᠭ᠎ᠠ ᠴᠡᠭ ᠲᠤ ᠭᠦᠨᠵᠡᠭᠡᠶᠢᠷᠡᠵᠦ᠂ ᠬᠠᠩᠰᠢ ᠶᠢᠨ ᠬᠤᠭᠤᠴᠠᠭᠠᠨ ᠳᠤ ᠠᠭᠤᠯᠠᠨ ᠳᠤ ᠭᠠᠷᠴᠤ ᠲᠠᠬᠢᠯᠭ᠎ᠠ ᠶᠢᠨ ᠬᠥᠮᠦᠰ ᠤᠨ ᠠᠭᠤᠯᠠᠨ ᠳᠤ ᠣᠷᠣᠬᠤ ᠶᠢ ᠳᠠᠩᠰᠠᠯᠠᠭᠰᠠᠨ᠂ ᠭᠠᠯ ᠢ ᠰᠡᠷᠭᠡᠶᠢᠯᠡᠬᠦ ᠤᠬᠠᠭᠤᠯᠭ᠎ᠠ᠂ ᠵᠢᠵᠢᠭᠦᠷᠯᠡᠨ ᠰᠠᠬᠢᠵᠤ ᠲᠣᠭᠤᠷᠢᠨ ᠬᠠᠮᠠᠭᠠᠯᠠᠬᠤ᠂ ᠭᠠᠯ ᠤᠨ ᠢᠷᠡᠯᠳᠡ ᠶᠢᠨ ᠬᠠᠮᠢᠶᠠᠷᠣᠯᠲᠠ᠂ ᠭᠠᠯ ᠢ ᠰᠡᠷᠭᠡᠶᠢᠯᠡᠬᠦ ᠮᠠᠰᠢᠨ ᠪᠠᠭᠠᠵᠢ ᠵᠡᠷᠭᠡ ᠲᠠᠯ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠭᠰᠠᠨ ᠪᠥᠭᠡᠳ ᠨᠠᠨ ᠲᠢᠶᠠᠨ ᠮᠧᠨ ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠰᠡᠷᠡᠮᠵᠢ ᠶᠢᠨ ᠸᠢᠳᠢᠣ᠋ ᠪᠠᠷ ᠬᠢᠨᠠᠨ ᠬᠡᠮᠵᠢᠭᠰᠡᠨ ᠪᠠᠶᠢᠳᠠᠯ ᠢ ᠪᠠᠶᠢᠴᠠᠭᠠᠨ ᠦᠵᠡᠪᠡ᠃ ᠾᠧ ᠹᠧᠩ᠂ ᠭᠤᠣᠯᠳᠠᠯᠭ᠎ᠠ ᠲᠠᠢ ᠵᠠᠮ ᠤᠨ ᠠᠭᠤᠯᠵᠠᠷ ᠤᠨ ᠪᠠᠶᠢᠴᠠᠭᠠᠯᠲᠠ ᠶᠢ ᠴᠢᠩᠭᠠᠳᠬᠠᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ᠂ ᠬᠥᠮᠦᠰ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ ᠳᠠᠩᠰᠠᠯᠠᠵᠤ᠂ ᠭᠠᠯ ᠤᠨ ᠡᠬᠢ ᠰᠤᠷᠪᠤᠯᠵᠢ ᠶᠢ ᠠᠭᠤᠯᠠᠨ ᠤᠢ ᠶᠢᠨ ᠭᠠᠳᠠᠨ᠎ᠠ ᠡᠷᠡᠰ ᠬᠢᠵᠠᠭᠠᠷᠯᠠᠬᠤ ᠬᠡᠷᠡᠭᠲᠡᠢ︔ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠠᠯ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠴᠠᠭ ᠲᠤᠬᠠᠢ ᠳᠤᠨᠢ ᠰᠡᠯᠪᠢᠨ ᠵᠠᠰᠠᠵᠤ ᠰᠢᠨᠡᠳᠬᠡᠵᠦ᠂ ᠮᠠᠰᠢᠨ ᠪᠠᠭᠠᠵᠢ ᠶᠢᠨ ᠲᠣᠨᠣᠭᠯᠠᠯ ᠤᠨ ᠪᠠᠶᠢᠳᠠᠯ ᠤᠨ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠢ︔ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠲᠣᠭᠤᠷᠢᠨ ᠴᠠᠭᠳᠠᠬᠤ ᠬᠦᠴᠦᠨ ᠢ ᠨᠡᠮᠡᠨ ᠲᠣᠮᠢᠯᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠭᠠᠯ ᠤᠨ ᠭᠠᠮᠰᠢᠭ ᠤᠨ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠠᠷᠠᠭ᠎ᠠ ᠨᠢ᠂ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠡᡁᠧ ᠯᠣᠣ ᠶᠣᠣ ᠰᠢᠶᠠᠩ᠂ ᠰᠢᠨ᠎ᠡ ᠳᠡᠯᠭᠡᠭᠦᠷ ᠪᠠᠯᠭᠠᠰᠤ᠂ ᠶᠠᠩ ᠴᠢᠶᠦ᠋ᠨ ᠭᠸᠤ ᠰᠢᠶᠠᠩ᠂ ᠪᠠᠢ ᠡᠯ ᠶᠧ ᠡᠯᠡᠰᠦᠨ ᠳᠠᠪᠠᠭ᠎ᠠ ᠤᠢ ᠰᠢᠭᠤᠢ ᠶᠢᠨ ᠲᠠᠯᠠᠪᠠᠢ᠂ ᠶᠡᠭᠡ ᠤᠯᠠᠭᠠᠨᠬᠤᠲᠠ ᠰᠢᠶᠠᠩ ᠵᠡᠷᠭᠡ ᠭᠠᠵᠠᠷ ᠤᠨ ᠭᠤᠣᠯᠳᠠᠯᠭ᠎ᠠ ᠲᠠᠢ ᠰᠢᠭᠤᠶᠢᠲᠤ ᠣᠷᠣᠨ ᠪᠣᠯᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠦ ᠣᠷᠣᠨ ᠳᠤ ᠭᠦᠨᠵᠡᠭᠡᠶᠢᠷᠡᠵᠦ᠂  ᠬᠤᠷᠢᠭ᠎ᠠ ᠴᠡᠭ ᠤᠨ ᠵᠢᠵᠢᠭᠦᠷᠯᠡᠨ ᠰᠠᠬᠢᠭᠰᠠᠨ᠂ ᠤᠢ ᠰᠢᠭᠤᠢ ᠶᠢᠨ ᠬᠠᠮᠠᠭᠠᠯᠠᠭᠴᠢ ᠶᠢᠨ ᠠᠵᠢᠯ ᠤᠨ ᠪᠠᠶᠢᠷᠢ ᠳᠤ ᠭᠠᠷᠤᠭᠰᠠᠨ᠂ ᠲᠠᠬᠢᠯᠭ᠎ᠠ ᠶᠢᠨ ᠤᠩᠭᠤᠨ ᠳᠤ ᠭᠠᠷᠤᠭᠰᠠᠨ ᠬᠥᠮᠦᠰ ᠢ ᠳᠠᠩᠰᠠᠯᠠᠭᠰᠠᠨ᠂ ᠭᠠᠯ ᠤᠨ ᠢᠷᠡᠯᠳᠡ ᠶᠢ ᠬᠠᠮᠢᠶᠠᠷᠤᠨ ᠡᠵᠡᠮᠳᠡᠭᠰᠡᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠵᠡᠷᠭᠡ ᠪᠠᠶᠢᠳᠠᠯ ᠢ ᠱᠠᠯᠠᠪᠳᠠᠭᠤᠯᠤᠨ ᠪᠠᠶᠢᠴᠠᠭᠠᠪᠠ᠃ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠴᠢᠬᠤᠯᠠᠴᠢᠯᠠᠬᠤ ᠳᠠᠭᠠᠨ᠂ ᠤᠷᠢᠳᠴᠢᠯᠠᠨ ᠰᠡᠷᠭᠡᠶᠢᠯᠡᠬᠦ ᠶᠢ ᠵᠠᠪᠠᠯ ᠲᠡᠷᠢᠭᠦᠨ ᠪᠠᠶᠢᠷᠢᠨ ᠳᠤ ᠲᠠᠯᠪᠢᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠰᠢᠭᠤᠶᠢᠲᠤ ᠣᠷᠣᠨ ᠤ ᠪᠤᠯᠠᠰᠢᠨ ᠳᠤ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠠᠯ ᠢ ᠨᠣᠴᠣᠬᠤ ᠠᠴᠠ ᠡᠮᠦᠨ᠎ᠡ᠂ ᠭᠠᠮᠰᠢᠭ ᠪᠣᠯᠬᠤ ᠠᠴᠠ ᠡᠮᠦᠨ᠎ᠡ ᠰᠡᠷᠭᠡᠶᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠭᠠᠯ ᠤᠨᠲᠠᠷᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ︽ᠠᠭᠤᠯᠠ ᠶᠢ ᠬᠠᠷᠠᠬᠤ ᠬᠥᠮᠦᠨ ᠲᠠᠢ᠂ ᠣᠶ ᠶᠢ ᠬᠠᠮᠠᠭᠠᠯᠠᠬᠤ ᠬᠥᠮᠦᠨ ᠲᠠᠢ᠂ ᠭᠠᠯ ᠢ ᠬᠠᠮᠢᠶᠠᠷᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ︾ ᠪᠠᠶᠢᠬᠤ ᠶᠢ ᠦᠨᠡᠨᠬᠦ ᠪᠡᠶᠡᠯᠡᠭᠦᠯᠵᠦ᠂  ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠯᠠᠯᠲᠠ ᠶᠢ ᠤᠯᠬᠤ ᠬᠡᠷᠡᠭᠲᠡᠶ ᠭᠡᠵᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号