ᠪᠥᠬᠦ ᠣᠷᠣᠨ ᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠭᠴᠤᠭ᠎ᠠ ᠶᠢ ᠲᠥᠪᠯᠡᠷᠡᠭᠦᠯᠦᠨ ᠵᠠᠰᠠᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/4/8
     ᠪᠦᠬᠦ ᠣᠷᠣᠨ ᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠢᠯᠯᠠᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠤᠨ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠵᠠᠬ᠎ᠠ ᠳᠡᠯᠭᠡᠭᠦᠷ ᠢ ᠴᠡᠪᠡᠷᠰᠢᠭᠦᠯᠬᠦ ᠶᠢᠨ ᠲᠥᠯᠥᠭᠡ᠂ 1 ᠳ᠋ᠦ᠋ᠭᠡᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠣᠷᠣᠨ ᠤ ᠬᠡᠪᠴᠢᠶᠡᠨ ᠳᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠭᠴᠤᠭ᠎ᠠ ᠶᠢ ᠲᠥᠪᠯᠡᠷᠡᠭᠦᠯᠦᠨ ᠵᠠᠰᠠᠬᠤ ᠠᠵᠢᠯ ᠢ ᠪᠠᠶᠢᠷᠢᠯᠠᠭᠤᠯᠤᠨ ᠥᠷᠨᠢᠭᠦᠯᠦᠭᠡᠳ᠂ ᠭᠤᠤᠯᠳᠠᠭᠤ ᠬᠢᠷᠢ ᠬᠡᠮ ᠦᠭᠡᠢ ᠪᠠᠷ ᠡᠮ ᠤᠨ ᠵᠦᠢᠯ ᠢ ᠰᠦᠯᠵᠢᠶ᠎ᠡ ᠪᠠᠷ ᠪᠣᠷᠤᠯᠠᠭᠤᠯᠤᠭᠰᠠᠨ ᠠᠵᠢᠯᠯᠠᠭ᠎ᠠ᠂ ᠬᠠᠭᠤᠷᠮᠠᠭ ᠮᠠᠭᠤ ᠡᠮ ᠤᠨ ᠵᠦᠢᠯ ᠢ ᠰᠦᠯᠵᠢᠶ᠎ᠡ ᠪᠠᠷ ᠪᠣᠷᠤᠯᠠᠭᠤᠯᠤᠭᠰᠠᠨ ᠦᠢᠯᠡ ᠠᠵᠢᠯᠯᠠᠭ᠎ᠠ᠂ ᠵᠣᠷ ᠤᠨ ᠡᠮ ᠢ ᠰᠦᠯᠵᠢᠶ᠎ᠡ ᠪᠠᠷ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠴᠦ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠣᠷᠴᠢᠨ ᠨᠥᠭᠦᠴᠡᠯ ᠤᠨ ᠵᠠᠰᠠᠯᠲᠠ ᠶᠢ ᠭᠦᠨᠵᠡᠭᠡᠢ ᠥᠷᠨᠢᠭᠦᠯᠦᠨ᠂ ᠡᠮ ᠤᠨ ᠵᠦᠢᠯ ᠢ ᠰᠦᠯᠵᠢᠶ᠎ᠡ ᠪᠠᠷ ᠵᠢᠵᠢᠭᠯᠡᠨ ᠬᠤᠳᠠᠯᠳᠤᠵᠤ ᠲᠣᠬᠢᠷᠠᠭᠤᠯᠤᠨ ᠬᠦᠷᠭᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠪᠥᠬᠦ ᠣᠷᠣᠨ ᠳᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠢ ᠳᠠᠪᠬᠤᠷᠳᠠᠭᠰᠠᠨ ᠲᠤᠭ᠎ᠠ ᠪᠠᠷ ᠬᠤᠶᠠᠷ ᠤᠳᠠᠭ᠎ᠠ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠤ ᠠᠬᠤᠶᠢᠯᠠᠯ ᠢ ᠳᠠᠪᠬᠤᠷᠳᠠᠭᠰᠠᠨ ᠲᠤᠭ᠎ᠠ ᠪᠠᠷ 1028 ᠤᠳᠠᠭ᠎ᠠ ᠪᠠᠶᠢᠴᠠᠭᠠᠵᠤ᠂ ᠳᠠᠪᠬᠤᠷᠳᠠᠭᠰᠠᠨ ᠲᠤᠭ᠎ᠠ ᠪᠠᠷ 28 ᠤᠳᠠᠭ᠎ᠠ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠵᠠᠢ᠃      ᠠᠵᠢᠯ ᠤᠨ ᠢᠶᠠᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠲᠤᠬᠠᠶᠢᠯᠠᠭᠰᠠᠨ ᠠᠵᠢᠯ ᠥᠷᠨᠢᠭᠦᠯᠳᠡᠭ ᠠᠵᠤ ᠠᠬᠤᠶᠢᠯᠠᠯ ᠤᠳ ᠤᠨ ︽ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠤ ᠠᠬᠤᠶᠢᠯᠠᠯ ᠤᠨ ᠮᠡᠳᠡᠭᠦᠯᠦᠯᠲᠡ ᠶᠢᠨ ᠮᠡᠳᠡᠭᠡ ᠵᠠᠩᠭᠢ ᠶᠢᠨ ᠬᠦᠰᠦᠨᠦᠭ︾ ᠢ ᠦᠨᠡᠨ ᠮᠥᠨ ᠢᠶᠠᠷ ᠨᠢ ᠲᠠᠭᠯᠠᠬᠤ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠨᠡᠷᠡᠶᠢᠳᠦᠯ᠂ ᠰᠦᠯᠵᠢᠶᠡᠨ ᠤ ᠨᠡᠷᠡᠶᠢᠳᠦᠯ᠂ IP ᠬᠠᠶ᠋ᠢᠭ᠂ ᠭᠤᠷᠪᠠᠳᠠᠭᠢ ᠡᠲᠡᠭᠡᠳ ᠤᠨ ᠲᠠᠪᠴᠠᠩ ᠳᠤ ᠣᠷᠣᠵᠤ ᠰᠠᠭᠤᠭᠰᠠᠨ ᠮᠡᠳᠡᠭᠡ ᠵᠠᠩᠭᠢ᠂ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠮᠡᠳᠡᠭᠡ ᠵᠠᠩᠭᠢ ᠨᠤᠭᠤᠳ ᠢ ᠬᠠᠷᠭᠤᠭᠤᠯᠬᠤ ᠪᠠ ᠬᠤᠷᠢᠶᠠᠩᠭᠤᠶᠢᠯᠠᠬᠤ ᠶᠢ ᠰᠠᠶᠢᠲᠤᠷ ᠬᠢᠵᠦ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠪᠠ ᠠᠵᠤ ᠠᠬᠤᠶᠢᠯᠠᠯ ᠤᠳ ᠤᠨ ᠬᠢᠨᠠᠯᠲᠠ ᠬᠠᠮᠢᠶᠠᠷᠤᠯᠲᠠ ᠶᠢᠨ ᠡᠬᠡ ᠲᠠᠩᠰᠠ ᠪᠠ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠭᠠᠷᠤᠯ ᠡᠭᠦᠰᠦᠯ ᠲᠣᠳᠣᠷᠬᠠᠢ᠂ ᠪᠠᠶᠢᠳᠠᠯ ᠢᠯᠡ᠂ ᠠᠷᠭ᠎ᠠ ᠬᠡᠮᠵᠢᠶ᠎ᠡ ᠣᠨᠣᠪᠴᠢᠲᠠᠶ᠂ ᠦᠷ᠎ᠡ ᠪᠦᠲᠦᠮᠵᠢ ᠰᠠᠶᠢᠨ ᠪᠠᠶᠢᠬᠤ ᠶᠢ ᠪᠡᠶᠡᠯᠡᠭᠦᠯᠵᠦ ᠴᠢᠳᠠᠵᠠᠢ᠃ ᠪᠠᠰᠠ᠂ ︽ᠪᠥᠬᠦ ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ︾ ᠶᠢ ᠪᠠᠷᠢᠮᠲᠠᠯᠠᠵᠤ᠂ ᠡᠯ᠎ᠡ ᠠᠶᠢᠮᠠᠭ ᠬᠤᠲᠠ ᠶᠢ ᠵᠢᠯᠣᠭᠤᠳᠤᠨ ᠠᠵᠢᠯ ᠤᠨ ᠪᠣᠳᠠᠲᠠᠢ ᠲᠠᠢ ᠨᠢ ᠤᠶᠠᠯᠳᠤᠭᠰᠠᠨ ᠲᠤᠰᠬᠠᠢ ᠵᠠᠰᠠᠬᠤ ᠠᠵᠢᠯ ᠤᠨ ᠠᠷᠭ᠎ᠠ ᠬᠡᠮᠵᠢᠶ᠎ᠡ ᠲᠣᠭᠲᠠᠭᠠᠯᠭᠠᠵᠤ᠂ ᠪᠠᠶᠢᠴᠠᠭᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠭᠤᠯᠵᠤ᠂ ᠲᠤᠰᠬᠠᠢ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠲᠡᠷᠡᠴᠢᠯᠡᠨ᠂ ᠲᠤᠰᠬᠠᠢ ᠵᠠᠰᠠᠬᠤ ᠠᠵᠢᠯ ᠢ ᠣᠨ ᠤ ᠡᠮ ᠤᠨ ᠵᠦᠢᠯ ᠤᠨ ᠠᠮᠤᠷ ᠲᠦᠪᠰᠢᠨ ᠢ ᠰᠢᠯᠭᠠᠨ ᠬᠢᠨᠠᠬᠤ ᠠᠭᠤᠯᠭᠠᠨ ᠳᠤ ᠣᠷᠣᠭᠤᠯᠤᠨ᠂ ᠡᠯ᠎ᠡ ᠠᠶᠢᠮᠠᠭ ᠬᠤᠲᠠ ᠶᠢ ᠬᠠᠷᠢᠶ᠎ᠠ ᠣᠷᠣᠨ ᠤ ᠳᠣᠲᠣᠷᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠨ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤ ᠪᠠᠷ ᠢᠶᠠᠨ ᠬᠠᠮᠵᠢᠯᠴᠠᠨ ᠬᠥᠳᠡᠯᠦᠯᠴᠡᠭᠰᠡᠨ ᠠᠵᠢᠯ ᠤᠨ ᠵᠠᠭᠪᠤᠷ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠡᠭᠦᠨ ᠤ ᠬᠠᠮᠲᠤ᠂ ᠪᠥᠬᠦ ᠣᠷᠣᠨ ᠤ ᠡᠯ᠎ᠡ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠲᠤᠰᠬᠠᠢ ᠪᠠᠶᠢᠴᠠᠭᠠᠯᠲᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠰᠦᠯᠵᠢᠶ᠎ᠡ ᠪᠠᠷ ᠲᠣᠭᠤᠷᠢᠨ ᠪᠠᠶᠢᠴᠠᠭᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠪᠠ ᠠᠵᠤ ᠠᠬᠤᠶᠢᠯᠠᠯ ᠤᠳ ᠢ ᠨᠡᠶᠢᠳᠡᠮ ᠪᠠᠶᠢᠴᠠᠭᠠᠪᠠ᠃ ︽ᠰᠦᠯᠵᠢᠶ᠎ᠡ ᠪᠠᠷ ᠰᠦᠯᠵᠢᠶ᠎ᠡ ᠶᠢ ᠬᠠᠮᠢᠶᠠᠷᠬᠤ︾ ᠣᠨᠣᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠣᠶᠣᠨᠲᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠦᠪᠡᠭᠴᠢᠯᠡᠨ ᠠᠰᠢᠭᠯᠠᠵᠤ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠬᠡᠮᠵᠢᠬᠦ ᠶᠢ ᠬᠡᠷᠡᠭᠵᠢᠭᠦᠯᠦᠨ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号