ᠬᠤᠷᠢᠨᠭᠡᠷ ᠰᠢᠶᠠᠨ ᠤ 2024 ᠣᠨ ᠤ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠦᠷᠦᠯ ᠵᠦᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/9
     ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ 4 ᠰᠠᠷ᠎ᠠ ᠶᠢᠨ 7 ᠤ ᠡᠳᠦᠷ᠂ ᠬᠤᠷᠢᠨᠭᠡᠷ ᠰᠢᠶᠠᠨ ᠤ 2024 ᠣᠨ ᠤ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠦᠷᠦᠯ ᠵᠦᠢᠯ ᠤᠨ ᠪᠪᠣᠯᠪᠠᠰᠤᠷᠠᠭᠤᠯᠤᠯ ᠤᠨ ᠬᠤᠷᠠᠯ ᠰᠢᠶᠠᠨ ᠤ ᠵᠣᠴᠢᠳ ᠤᠨ ᠪᠠᠭᠤᠳᠠᠯ ᠳᠤ ᠶᠠᠪᠤᠭᠳᠠᠵᠤ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠰᠢᠷ᠎ᠠ ᠪᠤᠷᠴᠠᠭ ᠲᠠᠷᠢᠬᠤ ᠡᠷᠦᠬᠡ᠂ ᠰᠢᠨ᠎ᠡ ᠬᠡᠯᠪᠡᠷᠢ ᠶᠢᠨ ᠭᠤᠣᠯ ᠴᠣᠭᠴᠠ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ ᠳᠤ ᠰᠢᠷ᠎ᠠ ᠪᠤᠷᠴᠠᠭ ᠲᠠᠷᠢᠬᠤ ᠮᠡᠷᠭᠡᠵᠢᠯ ᠢ ᠲᠠᠶᠢᠯᠪᠤᠷᠢᠯᠠᠨ ᠥᠭᠴᠦ᠂ ᠲᠡᠷᠢᠭᠦᠨ ᠤ ᠮᠡᠷᠭᠡᠵᠢᠯ ᠪᠣᠯᠤᠨ ᠲᠠᠷᠢᠮᠠᠯ ᠤᠨ ᠲᠤᠷᠰᠢᠯᠭ᠎ᠠ ᠶᠢ ᠲᠠᠷᠢᠶᠠᠴᠢᠳ ᠤᠨ ᠰᠡᠳᠬᠢᠯ ᠳᠤ ᠬᠦᠷᠭᠡᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠳᠡᠯᠭᠡᠷᠡᠭᠦᠯᠦᠯᠲᠡ ᠶᠢᠨ ᠲᠥᠪ ᠤᠨ ᠲᠤᠰᠬᠠᠶ ᠮᠡᠷᠭᠡᠵᠢᠯᠲᠡᠨ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠠᠷᠢᠬᠤ ᠮᠡᠷᠭᠡᠵᠢᠯ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠬᠢᠮᠢ ᠶᠢᠨ ᠠᠷᠭ᠎ᠠ ᠪᠠᠷ ᠡᠪᠡᠰᠦ ᠠᠷᠢᠯᠭᠠᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠵᠡᠷᠭᠡ ᠲᠠᠯ᠎ᠠ ᠪᠠᠷ ᠪᠥᠬᠦ ᠲᠠᠯ᠎ᠠ ᠶᠢᠨ ᠲᠠᠶᠢᠯᠤᠮᠵᠢ ᠬᠢᠵᠦ᠂ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠰᠤᠷᠤᠭᠴᠢᠳ ᠨᠢᠭᠡ ᠨᠢᠭᠡ ᠪᠠᠷ ᠢᠶᠠᠨ ᠬᠢᠴᠢᠶᠡᠯ ᠰᠣᠨᠣᠰᠴᠤ᠂ ᠰᠤᠷᠤᠯᠴᠠᠬᠤ ᠶᠢᠨ ᠳᠠᠭᠠᠤ ᠲᠡᠮᠳᠡᠭᠯᠡᠯ ᠬᠢᠵᠦ᠂ ᠰᠤᠷᠤᠯᠴᠠᠬᠤ ᠠᠭᠤᠷ ᠠᠮᠢᠰᠬᠤᠯ ᠢᠶᠠᠷ ᠭᠦᠨ ᠵᠤᠵᠠᠭᠠᠨ ᠪᠠᠶᠢᠳᠠᠭ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠳᠠᠷᠢᠬᠤ ᠬᠠᠮᠢᠶᠠᠷᠤᠯᠲᠠ ᠶᠢᠨ ᠬᠢᠷᠢ ᠲᠦᠪᠰᠢᠨ ᠵᠢᠴᠢ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠢᠷ᠎ᠠ ᠪᠤᠷᠴᠠᠭ ᠢ ᠬᠠᠪᠤᠷ ᠤᠨ ᠲᠠᠷᠢᠶᠠᠯᠠᠭ᠎ᠠ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠡᠯ᠎ᠡ ᠰᠢᠶᠠᠩ ᠪᠠᠯᠭᠠᠰᠤ᠂ ᠱᠧᠩ ᠯᠧ ᠬᠤᠶᠢᠲᠤ ᠵᠡᠭᠡᠯᠢ᠂ ᠶᠦᠨ ᠬᠥ᠋ ᠵᠡᠭᠡᠯᠢ ᠭᠤᠳᠤᠮᠵᠢ ᠶᠢᠨ ᠪᠡᠯᠡᠳᠬᠡᠯ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠢᠶᠠᠨ ᠤ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠮᠠᠯ ᠤᠨ ᠲᠣᠮᠣ ᠡᠷᠦᠬᠡ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号