ᠬᠤᠷᠢᠨᠭᠡᠷ ᠰᠢᠶᠠᠨ ᠤ ᠪᠠᠢ ᠡᠯ ᠶᠧ ᠡᠯᠡᠰᠦᠨ ᠬᠠᠰᠢᠯᠭ᠎ᠠ ᠶᠢᠨ ᠡᠯᠡᠰᠦ ᠶᠢ ᠵᠠᠰᠠᠭᠰᠠᠨ ᠦᠨᠡᠨ ᠪᠣᠳᠠᠲᠠᠢ ᠲᠡᠦᠬᠡ ᠠᠴᠠ ᠥᠭᠡᠷᠡᠴᠢᠯᠡᠨ ᠨᠠᠶᠢᠷᠠᠭᠤᠯᠤᠭᠰᠠᠨ ᠲᠣᠮᠣ ᠬᠡᠯᠪᠡᠷᠢ ᠶᠢᠨ ᠱᠠᠨ ᠰᠢ ᠶᠢᠨ ᠣᠳᠣ ᠦᠶ᠎ᠡ ᠶᠢᠨ ᠵᠦᠴᠦᠭᠡ ︽ᠡᠯᠡᠰᠦᠨ ᠴᠦᠯ ᠤᠨ ᠬᠠᠪᠤᠷ ᠡᠭᠡᠭᠰᠡᠨ︾ ᠠᠩᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/5/11
     5 ᠰᠠᠷ᠎ᠠ ᠶᠢᠨ 9 ᠤ ᠡᠳᠦᠷ ᠤᠨ ᠤᠷᠤᠢ᠂ ᠬᠤᠷᠢᠨᠭᠡᠷ ᠰᠢᠶᠠᠨ ᠤ ᠪᠠᠢ ᠡᠯ ᠶᠧ ᠡᠯᠡᠰᠦᠨ ᠬᠠᠰᠢᠯᠭ᠎ᠠ ᠶᠢᠨ ᠡᠯᠡᠰᠦ ᠶᠢ ᠵᠠᠰᠠᠭᠰᠠᠨ ᠦᠨᠡᠨ ᠪᠣᠳᠠᠲᠠᠶ ᠲᠡᠤᠬᠡ ᠶᠢ ᠦᠨᠳᠦᠰᠦᠯᠡᠨ ᠥᠭᠡᠷᠡᠴᠢᠯᠡᠨ ᠨᠠᠶᠢᠷᠠᠭᠤᠯᠤᠭᠰᠠᠨ ᠲᠣᠮᠣ ᠬᠡᠯᠪᠡᠷᠢ ᠶᠢᠨ ᠱᠠᠨ ᠰᠢ ᠵᠦᠴᠦᠭᠡ ︽ᠡᠯᠡᠰᠦᠨ ᠴᠦᠯ ᠤᠨ ᠬᠠᠪᠤᠷ ᠡᠭᠡᠭᠰᠡᠨ︾ ᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠠᠩᠬ᠎ᠠ ᠲᠣᠭᠯᠠᠪᠠ᠃ ᠲᠤᠰ ᠵᠦᠴᠦᠭᠡ ᠨᠢ ᠥᠪᠥᠷ ᠮᠣᠩᠭᠤᠯ ᠤᠨ ᠡᠯᠡᠰᠦ ᠶᠢ ᠵᠠᠰᠠᠬᠤ ᠬᠥᠮᠦᠰ ᠵᠠᠯᠠᠭᠤ ᠨᠠᠰᠤ ᠪᠠ ᠪᠠᠲᠤ ᠰᠠᠬᠢᠬᠤ ᠶᠢ ᠠᠮᠢᠳᠤᠯᠢᠭ ᠢᠶᠠᠷ ᠢᠯᠡᠷᠡᠭᠦᠯᠵᠦ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠭᠤᠭᠠᠨ ᠤᠷᠳᠤ ᠴᠠᠭᠠᠨ ᠬᠡᠷᠡᠮ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠲᠥᠯᠥᠭᠡ ᠦᠷᠭᠦᠯᠵᠢᠯᠡᠨ ᠲᠡᠮᠡᠴᠡᠭᠰᠡᠨ ᠰᠡᠳᠬᠢᠯ ᠬᠥᠳᠡᠯᠭᠡᠮ᠎ᠡ ᠦᠯᠢᠭᠡᠷ ᠢ ᠠᠮᠢᠳᠤᠯᠢᠭ ᠢᠶᠠᠷ ᠲᠠᠬᠢᠨ ᠢᠯᠡᠷᠡᠭᠦᠯᠪᠡ᠃      ᠱᠠᠨ ᠰᠢ ᠶᠢᠨ ᠵᠦᠴᠦᠭᠡ ︽ᠡᠯᠡᠰᠦᠨ ᠴᠦᠯ ᠤᠨ ᠬᠠᠪᠤᠷ ᠡᠭᠡᠭᠰᠡᠨ︾ ᠨᠢ ᠶᠠᠭ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠳᠤ ︽ᠪᠠᠷᠠᠭᠤᠨ ᠬᠤᠶᠢᠲᠣ ᠣᠷᠣᠨ᠂ ᠤᠮᠠᠷᠠᠲᠤ ᠣᠷᠣᠨ᠂ ᠵᠡᠭᠦᠨ ᠬᠤᠶᠢᠲᠣ ᠣᠷᠣᠨ ᠳᠤ ᠬᠠᠯᠬᠠᠪᠴᠢ ᠣᠢ ᠶᠢᠨ ᠰᠢᠰᠲ᠋ᠧᠮ ᠢ ᠪᠦᠲᠦᠭᠡᠨ ᠪᠠᠶᠢᠭᠤᠯᠬᠤ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ︾ ᠭᠠᠷᠭᠠᠭᠰᠠᠨ ᠠᠬᠤᠢ ᠪᠠᠶᠢᠳᠠᠯ ᠳᠣᠣᠷ᠎ᠠ᠂  ᠲᠣᠬᠠᠢ ᠶᠢᠨ ᠦᠶ᠎ᠡ ᠶᠢᠨ ᠰᠢᠶᠠᠨ ᠤ ᠳᠠᠷᠤᠭ᠎ᠠ ᠲᠤᠬᠠᠢ ᠶᠢᠨ ᠭᠠᠵᠠᠷ ᠤᠨ ᠣᠯᠠᠨ ᠲᠦᠮᠡᠨ ᠢ ᠳᠠᠭᠠᠭᠤᠯᠤᠨ  ᠡᠳᠦᠷ ᠰᠦᠨᠢ ᠠᠯᠳᠠᠯ ᠦᠭᠡᠢ ᠲᠡᠮᠡᠴᠡᠭᠰᠡᠨ ᠪᠠᠶᠢᠨ᠎ᠠ᠃ ᠥᠪᠥᠷ ᠮᠣᠩᠭᠤᠯ ᠤᠨ ᠡᠯᠡᠰᠦ ᠶᠢ ᠵᠠᠰᠠᠬᠤ ᠬᠥᠮᠦᠰ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠲᠠᠶᠢᠯᠪᠤᠷᠢᠯᠠᠵᠤ᠂ ᠨᠢᠭᠡ ᠦᠶ᠎ᠡ ᠶᠢᠨ ᠡᠯᠡᠰᠦ ᠶᠢ ᠵᠠᠰᠠᠭᠴᠢ ᠶᠢᠨ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ︾ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠲᠡᠰᠪᠦᠷᠢ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠰᠢᠨᠲᠠᠷᠠᠰᠢ ᠦᠭᠡᠢ ᠴᠢᠷᠮᠠᠶᠢᠬᠤ᠂ ᠥᠨᠢ ᠤᠳᠠᠭᠠᠨ ᠴᠢᠷᠮᠠᠶᠢᠬᠤ︾ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠢᠯᠡᠷᠡᠭᠦᠯᠪᠡ᠃      ︽ᠡᠯᠡᠰᠦᠨ ᠴᠦᠯ ᠤᠨ ᠬᠠᠪᠤᠷ ᠡᠭᠡᠭᠰᠡᠨ︾ ᠨᠢ ᠬᠥᠬᠡᠬᠤᠲᠠ ᠶᠢᠨ ᠣᠨ ᠤ ᠭᠤᠣᠯᠳᠠᠯᠭ᠎ᠠ ᠲᠠᠢ ᠤᠳᠭ᠎ᠠ ᠤᠷᠠᠯᠢᠭ ᠤᠨ ᠪᠦᠲᠦᠭᠡᠯ ᠪᠣᠯᠤᠭᠰᠠᠨ ᠤ ᠬᠤᠪᠢ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠲᠠᠢ ᠬᠠᠮᠲᠤᠪᠠᠷ ᠭᠠᠷᠭᠠᠵᠤ᠂ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ ᠭᠤᠣᠯ ᠡᠭᠦᠳᠦᠭᠰᠡᠨ ᠪᠠᠶᠢᠨ᠎ᠠ᠃ ᠵᠦᠴᠦᠭᠡ ᠶᠢᠨ ᠵᠣᠬᠢᠶᠠᠨ ᠪᠦᠲᠦᠭᠡᠯᠭᠡ ᠪᠠᠷ ᠳᠤᠮᠳᠠᠳᠤ ᠤᠯᠤᠰ ᠤᠨ ᠰᠢ ᠳᠠᠭᠤᠤᠷᠢᠯᠢᠭ ᠤᠨ ᠣᠳᠣᠷᠢᠳᠤᠭᠴᠢ ᠶᠢᠨ ᠨᠡᠶᠢᠭᠡᠮᠯᠢᠭ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠣᠳᠣ ᠦᠶ᠎ᠡ ᠶᠢᠨ ᠠᠯᠳᠠᠷᠲᠤ ᠰᠢ ᠵᠦᠴᠦᠭᠡ ᠶᠢᠨ ᠤᠳᠤᠷᠢᠳᠤᠭᠴᠢ ᠤᠷᠠᠯᠢᠭᠴᠢᠨ ᠭᠦᠸᠧ ᠰᠢᠶᠤᠤ ᠨᠠᠨ ᠢ ᠣᠳᠣᠷᠢᠳᠤᠭᠴᠢ ᠶᠢ ᠣᠨᠴᠠ ᠤᠷᠢᠵᠤ᠂ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ ᠤᠨ ᠰᠢᠨ᠎ᠡ ᠨᠢᠭᠡ ᠦᠶ᠎ᠡ ᠶᠢᠨ ᠰᠢᠯᠢᠳᠡᠭ ᠵᠠᠯᠠᠭᠤ ᠲᠣᠭᠯᠠᠭᠴᠢ ᠠᠴᠠ ᠭᠤᠣᠯ ᠲᠣᠭᠯᠠᠭᠴᠢ ᠪᠣᠯᠭᠠᠵᠠᠢ᠃      ᠤᠮᠠᠷᠠᠲᠤ ᠣᠷᠣᠨ ᠤ ᠤᠯᠠᠮᠵᠢᠯᠠᠯᠲᠤ ᠰᠢ ᠵᠦᠴᠦᠭᠡ ᠶᠢᠨ ᠢᠯᠡ ᠲᠣᠳᠣ ᠬᠡᠪ ᠨᠠᠮᠪᠠ ᠪᠣᠯᠤᠨ ᠥᠪᠥᠷ ᠮᠣᠩᠭᠤᠯ ᠤᠨ ᠥᠪᠡᠷᠮᠢᠴᠡ ᠪᠠᠶᠢᠭᠠᠯᠢ ᠬᠥᠮᠦᠨ ᠰᠣᠶᠣᠯ ᠤᠨ ᠡᠯᠧᠮᠧᠨ᠋ᠲ ᠢ ᠤᠶᠠᠯᠳᠤᠭᠤᠯᠬᠤ ᠶᠢᠨ ᠬᠠᠮᠲᠤ ᠪᠠᠰᠠ ᠮᠣᠷᠢᠨ ᠬᠤᠭᠤᠷ ᠤᠨ ᠳᠠᠭᠤᠤ ᠬᠥᠭᠵᠢᠮ᠂ ᠤᠳᠤ ᠦᠶ᠎ᠡ ᠶᠢᠨ ᠲᠠᠪᠴᠠᠩ ᠵᠡᠷᠭᠡ ᠤᠷᠠᠯᠢᠭ ᠤᠨ ᠬᠡᠯᠪᠡᠷᠢ ᠶᠢ ᠠᠭᠤᠰᠤᠯᠴᠠᠭᠤᠯᠵᠤ᠂ ᠤᠯᠠᠮᠵᠢᠯᠠᠯ ᠪᠣᠯᠤᠨ ᠰᠢᠨ᠎ᠡ ᠶᠢ ᠡᠭᠦᠳᠬᠦ ᠶᠢ ᠤᠶᠠᠯᠳᠤᠭᠤᠯᠤᠭᠰᠠᠨ ᠤᠷᠠᠯᠢᠭ ᠤᠨ ᠠᠷᠭ᠎ᠠ ᠪᠠᠷᠢᠯ ᠢᠶᠠᠷ ᠥᠷᠭᠡᠨ ᠤᠯᠠᠨ ᠦᠵᠡᠭᠴᠢᠳ ᠲᠤ ᠰᠡᠳᠦᠪ ᠠᠤᠭ᠎ᠠ ᠶᠡᠭᠡ᠂ ᠤᠷᠠᠯᠢᠭ ᠤᠨ ᠨᠥᠯᠥᠭᠡᠯᠡᠬᠦ ᠬᠦᠴᠦᠨ ᠪᠦᠬᠦᠢ ᠲᠤᠮᠤ ᠬᠡᠯᠪᠡᠷᠢ ᠶᠢᠨ ᠠᠩᠬᠠᠨ ᠤ ᠡᠭᠦᠳᠦᠯᠲᠡ ᠶᠢᠨ ᠱᠠᠨ ᠰᠢ ᠵᠦᠴᠦᠭᠡ ᠶᠢᠨ ᠤᠳᠤ ᠦᠶ᠎ᠡ ᠶᠢᠨ ᠵᠦᠴᠦᠭᠡ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠡᠯᠡᠰᠦ ᠶᠢ ᠵᠠᠰᠠᠭᠴᠢ ᠵᠠᠯᠠᠭᠤᠴᠤᠳ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠢᠶᠠᠨ ᠪᠠᠯᠠᠷᠠᠰᠢ ᠦᠭᠡᠢ ᠬᠠᠭᠤᠳᠠᠰᠤ ᠶᠢ ᠪᠢᠴᠢᠭᠯᠡᠭᠰᠡᠨ ᠨᠢᠭᠡᠨ ᠬᠡᠰᠡᠭ ᠪᠠᠯᠠᠷᠠᠰᠢ ᠦᠭᠡᠢ ᠭᠠᠶᠢᠬᠠᠮᠰᠢᠭ ᠢ ᠮᠠᠭᠲᠠᠨ ᠳᠠᠭᠤᠯᠠᠪᠠ᠃ ᠭᠤᠶᠢᠳᠠ ᠰᠠᠶᠢᠬᠠᠨ ᠲᠣᠭᠯᠠᠯᠲᠠ᠂ ᠲᠦᠢᠯ ᠤᠨ ᠶᠡᠭᠡ ᠨᠥᠯᠥᠭᠡᠯᠡᠬᠦ ᠬᠦᠴᠦᠨ ᠲᠠᠢ ᠵᠦᠴᠦᠭᠡ ᠶᠢᠨ ᠪᠠᠶᠢᠳᠠᠯ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠰᠡᠳᠬᠢᠯ ᠢ ᠳᠣᠭᠳᠣᠯᠤᠭᠤᠯᠵᠤ᠂ ᠤᠯᠠᠨ ᠢᠶᠠᠷ ᠢᠶᠠᠨ ᠪᠠᠶᠢᠨ ᠪᠠᠶᠢᠨ ᠬᠠᠯᠠᠭᠤᠨ ᠢᠶᠠᠷ ᠠᠯᠠᠭ᠎ᠠ ᠲᠠᠰᠢᠵᠤ ᠪᠠᠶᠢᠯ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号