ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ  ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/13
     5 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠣᠣ ᠬᠤᠷᠠᠯ ᠡᠷᠭᠢᠯᠡᠪᠡ᠃      ᠬᠤᠷᠠᠯ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠳᠡᠭᠡᠳᠦ ᠱᠠᠲᠤᠨ ᠤ ᠠᠰᠢᠭᠲᠠᠢ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠣᠶᠢᠯᠠᠭᠠᠯᠲᠠ ᠲᠠᠢ ᠰᠡᠳᠬᠢᠬᠦᠢ ᠪᠠᠷ ᠡᠯ᠎ᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠳᠣᠲᠣᠭᠠᠳᠤ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠠᠷᠭ᠎ᠠ ᠬᠡᠯᠪᠡᠷᠢ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ ᠂ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠤ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠭ᠎ᠠ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠥᠷᠭᠡᠨ ᠤᠯᠠᠨ ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠭᠤᠸᠠᠩᠵᠧᠦ ᠶᠢᠨ ᠮᠧᠶ ᠳ᠋ᠡ ᠲᠦᠷᠭᠡᠨ ᠤ ᠵᠠᠮ ᠤᠨ ᠨᠤᠷᠠᠯᠲᠠ ᠶᠢᠨ ᠭᠠᠮᠰᠢᠭ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠭᠠᠮᠰᠢᠭ ᠤᠨ ᠴᠢᠨᠠᠷᠲᠠᠢ ᠴᠠᠭ ᠠᠭᠤᠷ ᠢ ᠰᠡᠷᠭᠡᠶᠢᠯᠡᠬᠦ᠂ ᠭᠠᠵᠠᠷ ᠤᠨ ᠭᠠᠮᠰᠢᠭ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠵᠢᠴᠢ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ ᠲᠡᠳᠡᠨ ᠢ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠵᠢᠯ ᠤᠨ ᠬᠠᠷᠠᠯᠲᠠ ᠪᠠᠨ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠭᠠᠷᠳᠠᠮ ᠢ ᠭᠦᠢᠴᠡᠳᠬᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠡᠯ᠎ᠡ ᠲᠦᠷᠦᠯ ᠤᠨ ᠲᠦᠷᠦᠯ ᠵᠦᠢᠯ ᠢ ᠪᠦᠬᠦᠨ ᠢ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠨᠡᠩ ᠤᠯᠠᠨ ᠲᠦᠷᠦ ᠶᠢᠨ ᠪᠣᠳᠣᠯᠭ᠎ᠠ ᠪᠠ ᠪᠡᠯᠡ ᠮᠥᠩᠭᠦ ᠣᠯᠵᠤ᠂ ᠠᠵᠤ ᠦᠢᠯᠡᠰ ᠢ ᠢᠳᠡᠪᠬᠢᠲᠡᠢ ᠲᠥᠯᠥᠪᠵᠢᠭᠦᠯᠵᠦ᠂ ᠲᠦᠷᠦᠯ ᠵᠦᠢᠯ ᠢ ᠪᠣᠳᠠᠲᠠᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠭᠦᠢᠴᠡᠳᠬᠡᠬᠦ ᠴᠢᠳᠠᠪᠤᠷᠢ ᠶᠢ ᠰᠠᠶᠢᠲᠤᠷ ᠠᠳᠬᠤᠵᠤ᠂ ᠱᠠᠲᠤ ᠱᠠᠲᠤ ᠪᠠᠷ ᠳᠠᠷᠤᠯᠲᠠ ᠥᠭᠴᠦ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢ ᠰᠠᠶᠢᠲᠤᠷ ᠠᠳᠬᠤᠵᠤ᠂ ᠣᠷᠣᠯᠭ᠎ᠠ ᠶᠢ ᠨᠡᠮᠡᠭᠳᠡᠭᠦᠯᠬᠦ ᠪᠠᠷᠢᠮᠵᠢᠶ᠎ᠠ ᠪᠠ ᠡᠵᠡᠩᠨᠡᠯᠲᠡ ᠶᠢᠨ ᠣᠷᠣᠯᠭ᠎ᠠ ᠶᠢᠨ ᠬᠠᠷᠠᠯᠲᠠ ᠶᠢ ᠵᠦᠢ ᠵᠣᠬᠢᠰᠲᠠᠢ ᠲᠣᠭᠲᠠᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠲᠠᠨ ᠤ ᠬᠠᠲᠠᠭᠤ ᠴᠢᠨᠠᠷ ᠢ ᠬᠢᠨᠠᠨ ᠰᠢᠯᠭᠠᠬᠤ ᠵᠢᠴᠢ ᠰᠢᠯᠢᠳᠡᠭ ᠢ ᠨᠢ ᠳᠡᠪᠰᠢᠭᠦᠯᠵᠦ ᠮᠠᠭᠤ ᠶᠢ ᠨᠢ ᠪᠠᠭᠤᠯᠭᠠᠬᠤ᠂ ᠠᠳᠠᠭ ᠢ ᠨᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ︽ᠴᠢᠳᠠᠪᠤᠷᠢ ᠲᠠᠢ ᠶᠢ ᠨᠢ ᠳᠡᠪᠰᠢᠭᠦᠯᠵᠦ᠂ ᠲᠡᠭᠰᠢᠳᠬᠡᠭᠰᠡᠨ ᠢ ᠨᠢ ᠨᠠᠶᠢᠷ ᠲᠠᠯᠪᠢᠵᠤ᠂ ᠴᠢᠳᠠᠪᠤᠷᠢ ᠦᠭᠡᠢ ᠶᠢ ᠨᠢ ᠪᠠᠭᠤᠯᠭᠠᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠤᠯᠤᠰ ᠤᠨ ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠤᠨ ᠰᠤᠳᠠᠰᠤ ᠶᠢᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠰᠢᠶᠠᠨ ᠤ ᠬᠡᠪᠴᠢᠶᠡᠨ ᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠢ ᠰᠠᠶᠢᠲᠤᠷ ᠠᠳᠬᠤᠵᠤ᠂ ︽ᠭᠤᠷᠪᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ︾ ᠬᠥᠭᠵᠢᠯᠲᠡ ᠶᠢ ᠭᠦᠨᠵᠡᠭᠡᠢ ᠠᠳᠬᠤᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠢ ᠨᠢᠭᠡ ᠴᠣᠭᠴᠠᠵᠢᠭᠤᠯᠤᠨ ᠠᠬᠢᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠤᠯᠠᠨ ᠲᠦᠮᠡᠨ ᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠲᠤᠪᠤᠶᠢᠯᠭᠠᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠥᠩᠭᠡ ᠶᠢ ᠦᠷᠭᠦᠯᠵᠢᠯᠡᠨ ᠭᠡᠷᠡᠯᠳᠦᠬᠦᠯᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ  ᠴᠢᠩᠭᠠᠳᠬᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号