ᠮᠠᠨ ᠤ ᠣᠷᠣᠨ 3 ᠵᠢᠯ ᠳᠤ 1383.62 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠭᠵᠢᠯᠲᠡ ᠶᠢ ᠲᠡᠮᠵᠢᠪᠡ
ᠨᠡᠶᠢᠲᠡᠯᠡᠭᠰᠡᠨ ᠴᠠᠭ᠄
2024/5/13
     2021- 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 3 ᠵᠢᠯ ᠳᠤ ᠪᠦᠭᠦ ᠣᠷᠣᠨ ᠤ 49 ᠬᠤᠪᠢᠰᠬᠠᠯ ᠤᠨ ᠬᠠᠭᠤᠴᠢᠨ ᠰᠠᠭᠤᠷᠢᠨ ᠳᠤ ᠨᠡᠶᠢᠲᠡ 1383.62 ᠳ᠋ᠦᠩᠰᠢᠭᠤᠷ ᠲᠥᠭᠦᠷᠢᠭ ᠤᠨ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠪᠡᠯᠡ ᠮᠥᠩᠭᠦ ᠪᠠᠭᠤᠯᠭᠠᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠭᠵᠢᠯᠲᠡ ᠶᠢ ᠦᠷᠭᠦᠯᠵᠢᠯᠡᠨ ᠳᠡᠮᠵᠢᠪᠡ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ︽ᠰᠢᠨ᠎ᠡ ᠴᠠᠭ ᠦᠶ᠎ᠡ ᠳᠤ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠳᠤ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ︵2021-2025 ᠣᠨ︶︾ ᠢ ᠭᠦᠨᠵᠡᠭᠡᠢ ᠲᠤᠭᠤᠰᠢᠯᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠬᠦᠴᠦᠨ ᠢᠶᠠᠷ ᠢᠶᠠᠨ ᠳᠡᠮᠵᠢᠪᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠲᠡᠮᠵᠢᠵᠤ᠂ 2021- 2023 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠪᠦᠭᠦ ᠣᠷᠣᠨ ᠤ 49 ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠬᠤ ᠶᠢ ᠠᠬᠢᠭᠤᠯᠬᠤ ᠳᠤ ᠰᠢᠯᠵᠢᠭᠦᠯᠦᠨ ᠥᠭᠬᠦ ᠪᠡᠯᠡ ᠮᠥᠩᠭᠦ ᠶᠢ 157.12 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠪᠠ᠃      ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠬᠤ ᠶᠢ ᠲᠡᠮᠵᠢᠵᠤ᠂ 2021-2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠭᠵᠢᠯᠲᠡ ᠪᠠᠷ ᠠᠨᠠᠢ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠵᠢᠱᠢᠶ᠎ᠡ ᠦᠵᠡᠭᠦᠯᠭᠦ ᠣᠷᠣᠨ ᠳᠠᠬᠢ ᠴᠢᠬᠤᠯᠠ ᠪᠦᠬᠦᠢ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠡᠷᠡᠭᠵᠢᠭᠦᠯᠬᠦ ᠶᠢ ᠲᠡᠮᠵᠢᠵᠤ᠂ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠬᠦᠴᠦᠨ ᠨᠡᠮᠡᠷᠢᠯᠡᠪᠡ᠃      ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠮᠵᠢᠵᠤ᠂ ᠮᠠᠨ ᠤ ᠣᠷᠣᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠲᠡᠮᠵᠢᠪᠡ᠃ 2021-2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ︵ᠬᠤᠰᠢᠭᠤ ᠰᠢᠶᠠᠨ︶ ᠤ ᠣᠶ ᠰᠢᠭᠤᠢ ᠨᠤᠲᠤᠭ ᠪᠡᠯᠴᠢᠭᠡᠷ ᠤᠨ ᠪᠡᠯᠡ ᠮᠥᠩᠭᠦ ᠶᠢ 115.42 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠪᠢᠰᠬᠠᠯ ᠤᠨ ᠬᠠᠭᠤᠴᠢᠨ ᠰᠠᠭᠤᠷᠢᠨ ︵ᠬᠤᠰᠢᠭᠤ ᠰᠢᠶᠠᠨ︶  ᠤ ᠣᠶ ᠰᠢᠭᠤᠢ ᠨᠤᠲᠤᠭ ᠪᠡᠯᠴᠢᠭᠡᠷ ᠤᠨ ᠥᠭᠡᠷᠡᠴᠢᠯᠡᠯᠲᠡ ᠬᠥᠭᠵᠢᠯᠲᠡ ᠪᠠ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠮᠵᠢᠬᠦ ᠳᠤ ᠬᠡᠷᠡᠭᠯᠡᠪᠡ᠃ ᠬᠤᠪᠢᠰᠬᠠᠯ ᠤᠨ ᠬᠠᠭᠤᠴᠢᠨ ᠰᠠᠭᠤᠷᠢᠨ ᠪᠠᠶᠢᠭ᠎ᠠ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠨ ᠵᠠᠰᠠᠬᠤ ᠪᠡᠯᠡ ᠮᠥᠩᠭᠦ ᠶᠢ ᠪᠠᠭᠤᠯᠭᠠᠵᠤ᠂ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ᠂ ᠲᠦᠩᠯᠢᠶᠣᠣ ᠬᠤᠲᠠ ᠶᠢᠨ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠨ ᠵᠠᠰᠠᠬᠤ ᠲᠥᠷᠥᠯ ᠵᠦᠢᠯ ᠤᠨ ᠢᠨᠵᠧᠨᠧᠷᠢᠩ ᠵᠢᠴᠢ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠰᠡᠷᠭᠦᠭᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠪᠡ᠃      ᠬᠤᠪᠢᠰᠬᠠᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠡᠮᠵᠢᠵᠤ᠂ 2021-2023 ᠣᠨ ᠳᠤ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠤᠰᠬᠠᠢ ᠪᠡᠯᠡ ᠮᠥᠩᠭᠦ ᠲᠣᠬᠢᠷᠠᠭᠤᠯᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠷᠥᠯ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠲᠡᠮᠵᠢᠪᠡ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ ᠶᠢ ᠲᠣᠬᠢᠷᠠᠭᠤᠯᠵᠤ᠂ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠷᠥᠯ ᠵᠦᠢᠯ ᠤᠨ ᠬᠥᠭᠵᠢᠯᠲᠡ ᠶᠢ ᠳᠡᠮᠵᠢᠵᠦ᠂ ᠬᠤᠪᠢᠰᠬᠠᠯ ᠤᠨ ᠵᠢᠭᠤᠯᠴᠢᠯᠠᠯ ᠤᠨ ᠦᠢᠯᠡᠰ ᠢᠶᠠᠷ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠪᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ 2021-2023 ᠣᠨ ᠳᠤ᠂ ᠮᠠᠨ ᠤ ᠣᠷᠣᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠢ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠪᠠᠭᠤᠯᠭᠠᠵᠤ᠂ ᠰᠣᠶᠣᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠳᠤ ᠲᠤᠰᠬᠠᠶᠢᠯᠠᠨ ᠬᠡᠷᠡᠭᠯᠡᠵᠦ᠂ ᠣᠯᠠᠨ ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠰᠢᠭᠤᠳ ᠠᠰᠢᠭ ᠬᠦᠷᠲᠡᠵᠦ ᠳᠡᠶᠢᠯᠭᠦ‍ ᠨᠢᠭᠡ ᠪᠦᠯᠦᠭ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠦᠴᠦ ᠪᠠᠨ ᠲᠥᠪᠯᠡᠷᠡᠭᠦᠯᠦᠨ ᠳᠡᠮᠵᠢᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号