ᠬᠤᠷᠢᠨᠭᠡᠷ ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠪᠠᠭᠰᠢ ᠠᠵᠢᠯᠳᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/5/14
     ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠮᠡᠳᠡᠯᠭᠡ ᠪᠠ ᠤᠷ᠎ᠠ ᠴᠢᠳᠠᠪᠤᠷᠢ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠭᠤᠣᠯᠳᠠᠯᠭ᠎ᠠ ᠲᠠᠢ ᠪᠠᠭᠰᠢ ᠠᠵᠢᠯᠳᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠤᠷ᠎ᠠ ᠴᠢᠳᠠᠪᠤᠷᠢ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ 4 ᠰᠠᠷ᠎ᠠ ᠶᠢᠨ 29 ᠤ ᠡᠳᠦᠷ᠂ ᠬᠤᠷᠢᠨᠭᠡᠷ ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠭᠤᠣᠯᠳᠠᠯᠭ᠎ᠠ ᠲᠠᠢ ᠪᠠᠭᠰᠢ ᠠᠵᠢᠯᠳᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠠᠵᠢᠯᠳᠠᠨ ᠤ ᠪᠣᠯᠪᠠᠰᠤᠷᠠᠯ ᠢ ᠥᠷᠨᠢᠭᠦᠯᠪᠡ᠃ ᠲᠣᠰ ᠤᠳᠠᠭᠠᠨ ᠤ ᠪᠣᠯᠪᠠᠰᠣᠷᠠᠯ ᠤᠨ ᠡᠲᠡᠭᠡᠳ ᠪᠣᠯ ᠪᠥᠬᠦ ᠰᠢᠶᠠᠨ ᠤ ᠠᠯᠪᠠᠨ ᠠᠴᠠ ᠡᠷᠭᠢᠯᠡᠭᠰᠡᠨ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠡᠮᠴᠢ ᠵᠢᠴᠢ ᠡᠷᠡᠭᠦᠯ ᠬᠠᠮᠠᠭᠠᠯᠠᠯ ᠡᠷᠡᠭᠦᠯᠵᠢᠯ ᠤᠨ ᠮᠡᠷᠭᠡᠵᠢᠯᠲᠡᠨ ᠪᠣᠯᠤᠨ᠎ᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠩ ᠲᠡᠷᠢᠭᠦᠨ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠬᠠᠤ ᠪᠠᠭᠰᠢ ᠠᠴᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠭᠦᠰᠦᠯ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠬᠠᠤ ᠦᠨᠳᠦᠰᠦᠨ ᠶᠡᠷᠦ ᠶᠢᠨ ᠮᠡᠳᠡᠯᠭᠡ ᠵᠢᠴᠢ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠬᠠᠤ ᠦᠨᠳᠦᠰᠦᠨ ᠤᠬᠠᠭᠳᠠᠬᠤᠨ ᠢ ᠣᠯᠠᠨ ᠳᠤ ᠲᠠᠨᠢᠯᠴᠠᠭᠤᠯᠬᠤ ᠶᠢᠨ ᠬᠠᠮᠲᠤ᠂ ᠡᠳᠦᠷ ᠲᠤᠲᠤᠮ ᠤᠨ ᠠᠮᠢᠳᠤᠷᠠᠯ ᠳᠤᠮᠳᠠ ᠦᠷᠭᠦᠯᠵᠢ ᠲᠣᠬᠢᠶᠠᠯᠳᠤᠳᠠᠭ ᠭᠡᠨᠡᠳᠲᠡ ᠶᠢᠨ ᠬᠡᠷᠡᠭ ᠪᠠ ︽ᠠᠮᠢ ᠠᠪᠤᠷᠬᠠᠤ ᠰᠢᠵᠢᠷ ᠠᠯᠲᠠᠨ ᠴᠠᠭ︾ ᠢ ᠬᠡᠷᠬᠢᠨ ᠬᠠᠮᠤᠭ ᠤᠨ ᠪᠦᠲᠦᠮᠵᠢᠲᠡᠶ ᠪᠠᠷ ᠠᠰᠢᠭᠯᠠᠬᠤ ᠲᠤᠬᠠᠶ ᠭᠤᠤᠯᠳᠠᠯᠭ᠎ᠠ ᠲᠠᠢ ᠲᠠᠶᠢᠯᠪᠤᠷᠢᠯᠠᠵᠠᠶ᠃ ᠵᠠᠯᠭᠠᠭᠠᠳ ᠪᠠᠴᠢᠮ ᠪᠠᠶᠢᠳᠠᠯ ᠢ ᠠᠷᠭᠠᠴᠠᠭᠠᠬᠤ ᠪᠠᠭᠰᠢ ᠠᠴᠠ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ ᠤᠨ ᠪᠣᠳᠠᠲᠠᠶ ᠠᠵᠢᠯᠯᠠᠭ᠎ᠠ᠂ AED ᠮᠠᠰᠢᠨ ᠢ ᠵᠥᠪ ᠬᠡᠷᠡᠭᠯᠡᠬᠦ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠤᠨ ᠦᠵᠡᠭᠦᠯᠭᠡ ᠶᠢ ᠭᠤᠤᠯᠳᠠᠯᠭ᠎ᠠ ᠲᠠᠢ ᠬᠢᠵᠡᠶ᠃ ᠡᠭᠦᠨ ᠤ ᠵᠡᠷᠭᠡ ᠳᠤ ᠲᠤᠬᠠᠶ ᠶᠢᠨ ᠲᠠᠯᠠᠪᠤᠷ ᠲᠤ ᠰᠤᠷᠤᠭᠴᠢᠳ ᠢ ᠤᠷᠢᠵᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠳᠠᠭᠤᠷᠢᠶᠠᠮᠠᠯ ᠰᠣᠷᠢᠯᠲᠠ ᠳᠤ ᠣᠷᠣᠯᠴᠠᠭᠤᠯᠬᠤ ᠶᠢᠨ ᠬᠠᠮᠲᠤ ᠬᠤᠶᠠᠷ ᠪᠠᠭᠰᠢ ᠠᠴᠠ ᠵᠢᠯᠣᠭᠤᠳᠤᠨ ᠠᠵᠢᠯᠯᠠᠭᠤᠯᠵᠠᠶ᠃ ᠠᠵᠢᠯᠯᠠᠭ᠎ᠠ ᠶᠢᠨ ᠡᠴᠦᠰ ᠲᠤ᠂ ᠪᠠᠭᠰᠢ ᠠᠴᠠ ᠣᠯᠠᠨ ᠳᠤ ᠡᠾᠤᠮᠯᠢᠺ ᠤᠨ ᠠᠷᠭ᠎ᠠ ᠶᠢ ᠲᠠᠶᠢᠯᠪᠤᠷᠢᠯᠠᠨ ᠥᠭᠴᠦ᠂ ᠪᠣᠳᠠᠲᠠᠶ ᠠᠵᠢᠯᠯᠠᠬᠤ ᠠᠷᠭ᠎ᠠ ᠶᠢ ᠦᠵᠡᠭᠦᠯᠦᠨ ᠥᠭᠴᠦ᠂ ᠣᠯᠠᠨ ᠳᠤ ᠲᠣᠰ ᠠᠷᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠠᠶ᠃ ᠲᠣᠰ ᠤᠳᠠᠭᠠᠨ ᠤ ᠠᠵᠢᠯᠯᠠᠭ᠎ᠠ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠴᠢ ᠶᠢ ᠨᠡᠶᠢᠲᠡ 45 ᠬᠥᠮᠦᠨ ᠪᠣᠯᠪᠠᠰᠤᠷᠠᠭᠤᠯᠵᠠᠶ᠃      ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠢ ᠥᠷᠨᠢᠭᠦᠯᠬᠦ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠪᠠᠭᠰᠢ ᠠᠵᠢᠯᠲᠠᠨ ᠤ ᠪᠠᠴᠢᠮ ᠠᠪᠤᠷᠠᠯᠳᠠ ᠶᠢᠨ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢ ᠪᠦᠲᠦᠮᠵᠢᠲᠡᠶ ᠪᠠᠷ ᠴᠢᠩᠭᠠᠷᠠᠭᠤᠯᠵᠤ᠂ ᠲᠡᠳᠡᠨ ᠤ ᠬᠤᠶᠢᠰᠢᠳᠠ ᠶᠢᠨ ᠭᠡᠨᠡᠳᠲᠡ ᠶᠢᠨ ᠬᠡᠷᠡᠭ ᠤᠨ ᠲᠤᠬᠠᠶ ᠶᠢᠨ ᠲᠠᠯᠠᠪᠤᠷ ᠤᠨ ᠪᠠᠶᠢᠳᠠᠯ ᠢ ᠨᠠᠩ ᠰᠠᠶᠢᠲᠤᠷ ᠠᠷᠭᠠᠴᠠᠭᠠᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠦᠷᠭᠦᠯᠵᠢᠯᠡᠨ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ︽ᠬᠠᠵᠠᠭᠤ ᠳᠤᠨᠢ ᠠᠪᠤᠷᠬᠠᠤ · ᠰᠤᠷᠭᠠᠭᠤᠯᠢ ᠶᠢᠨ ᠬᠦᠷᠢᠶᠡᠨ ᠤ ᠰᠠᠬᠢᠨ ᠬᠠᠮᠠᠭᠠᠯᠠᠯᠲᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢ ᠦᠨᠡᠨ ᠬᠦ ᠪᠠᠲᠤᠯᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号