ᠰᠢᠨ᠎ᠡ ᠳᠡᠯᠭᠡᠭᠦᠷ ᠪᠠᠯᠭᠠᠰᠤ ︽ᠡᠷᠡᠭᠦᠯ ᠡᠩᠬᠡ ᠬᠤᠲᠠ ᠪᠠᠯᠭᠠᠰᠤ  ᠡᠷᠡᠭᠦᠯ ᠡᠩᠬᠡ ᠪᠡᠶ᠎ᠡ ᠶᠢᠨ ᠬᠦᠨᠳᠦ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
     ᠤᠯᠠᠨ ᠲᠦᠮᠡᠨ ᠤ ᠡᠷᠡᠭᠦᠯᠵᠢᠯ ᠤᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠭᠡᠮᠡᠯᠵᠢᠭᠦᠯᠬᠦ ᠶᠢᠨ ᠲᠤᠰᠠᠳᠠ᠂ 2024 ᠣᠨ ᠤ 5 ᠰᠠᠷ᠎ᠠ ᠶᠢᠨ 6 ᠤ ᠡᠳᠦᠷ᠂ ᠰᠢᠨ᠎ᠡ ᠳᠡᠯᠭᠡᠭᠦᠷ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠰᠢᠨ᠎ᠡ ᠳᠡᠯᠭᠡᠭᠦᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠰᠢᠨ᠎ᠡ ᠳᠡᠯᠭᠡᠭᠦᠷ ᠪᠠᠯᠭᠠᠰᠤᠨ ᠤ ᠵᠢᠵᠢᠭ ᠠᠭᠤᠳᠠᠮ ᠲᠠᠯᠠᠪᠠᠢ ᠳᠤ ︽ᠡᠷᠡᠭᠦᠯ ᠡᠩᠬᠡ ᠬᠤᠳᠠ ᠪᠠᠯᠭᠠᠰᠤ  ᠡᠷᠡᠭᠦᠯ ᠡᠩᠬᠡ ᠪᠡᠶ᠎ᠡ ᠶᠢᠨ ᠬᠦᠨᠳᠦ︾ ᠶᠢᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠰᠠᠭᠤᠨ ᠯᠠᠪᠯᠠᠬᠤ᠂ ᠠᠰᠠᠭᠤᠨ ᠣᠨᠣᠰᠢᠯᠠᠬᠤ ᠪᠠᠷ ᠢᠷᠡᠭᠰᠡᠨ ᠲᠣᠰᠬᠤᠨ ᠤ ᠠᠷᠠᠳ ᠤᠬᠠᠮᠰᠠᠷ ᠠᠴᠠ ᠪᠠᠨ ᠮᠥᠷᠯᠡᠨ ᠵᠢᠭᠰᠠᠵᠤ᠂ ᠡᠮᠴᠢ ᠨᠡᠷ ᠲᠣᠰᠬᠤᠨ ᠤ ᠠᠷᠠᠳ ᠤᠨ ᠪᠡᠶ᠎ᠡ ᠶᠢᠨ ᠪᠠᠶᠢᠳᠠᠯ ᠢ ᠬᠦᠯᠢᠴᠡᠩᠭᠦᠢ ᠪᠠᠷ ᠠᠰᠠᠭᠤᠨ ᠯᠠᠪᠯᠠᠬᠤ ᠶᠢᠨ ᠬᠠᠮᠲᠤ ᠲᠡᠳᠡᠨ ᠤ ᠴᠢᠰᠤᠨ ᠳᠠᠷᠤᠯᠲᠠ᠂ ᠴᠢᠰᠤᠨ ᠰᠢᠬᠢᠷ ᠢ ᠦᠨ᠎ᠡ ᠲᠥᠯᠥᠪᠦᠷᠢ ᠦᠭᠡᠢ ᠪᠠᠷ ᠬᠡᠮᠵᠢᠵᠦ᠂ ᠠᠳᠠᠯᠢ ᠪᠤᠰᠤ ᠡᠪᠡᠳᠴᠢᠨ ᠤ ᠪᠠᠶᠢᠳᠠᠯ ᠳᠤ ᠴᠢᠭᠯᠡᠭᠦᠯᠦᠨ ᠵᠦᠢ ᠵᠣᠬᠢᠰᠲᠠᠢ᠂ ᠥᠪᠡᠷᠮᠢᠴᠡ ᠴᠢᠨᠠᠷᠲᠠᠢ ᠡᠷᠡᠭᠦᠯ ᠮᠡᠨᠳᠦ ᠶᠢᠨ ᠵᠢᠯᠤᠭᠤᠳᠤᠯᠭ᠎ᠠ ᠶᠢ ᠳᠤᠷᠠᠳᠴᠠᠢ᠃ ᠰᠠᠶᠢᠨ ᠳᠤᠷ᠎ᠠ ᠶᠢᠨ ᠠᠵᠢᠯᠯᠠᠭᠴᠢ ᠲᠣᠰᠬᠤᠨ ᠤ ᠠᠷᠠᠳ ᠲᠤ ᠬᠠᠶᠢᠷ᠎ᠠ ᠬᠠᠯᠠᠮᠵᠢ ᠶᠢᠨ ᠡᠷᠡᠭᠦᠯ ᠮᠡᠨᠳᠦ ᠶᠢᠨ ᠪᠣᠭᠴᠣ᠂ ᠡᠷᠡᠭᠦᠯ ᠮᠡᠨᠳᠦ ᠶᠢᠨ ᠵᠢᠵᠢᠭ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ᠂ ᠵᠢᠵᠢᠭ ᠳᠡᠪᠢᠭᠦᠷ ᠵᠡᠷᠭᠡ 100 ᠭᠠᠷᠤᠢ ᠬᠤᠪᠢ ᠲᠠᠷᠬᠠᠭᠠᠵᠠᠢ᠃      ᠡᠨᠡ ᠤᠳᠠᠭ᠎ᠠ ᠶᠢᠨ ᠠᠵᠢᠯᠯᠠᠭ᠎ᠠ ᠳᠤ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ᠂ ᠡᠪᠡᠳᠴᠢᠨ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠡᠭᠦᠨ ᠠᠴᠠ ᠰᠡᠭᠦᠯᠡᠷ᠂ ᠰᠢᠨ᠎ᠡ ᠳᠡᠯᠭᠡᠭᠦᠷ ᠪᠠᠯᠭᠠᠰᠤ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠦᠷᠭᠦᠯᠵᠢᠯᠡᠨ ᠰᠡᠳᠬᠢᠯ ᠳᠡᠭᠡᠨ ᠪᠤᠳᠤᠵᠤ᠂ ᠠᠯᠢᠪᠠ ᠠᠵᠢᠯ ᠤᠨ ᠡᠭᠦᠰᠭᠡᠯ ᠪᠠ ᠲᠡᠭᠦᠰᠬᠡᠯ ᠪᠣᠯᠤᠭᠰᠠᠨ ᠤ ᠬᠤᠪᠢ ᠳᠤ᠂ ︽ᠰᠢ ᠺᠸᠦ ᠶᠢᠨ ᠪᠠᠶ ᠯᠣᠤ ᠬᠤᠶ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠳᠤ ᠬᠦᠷᠴᠦ ᠲᠣᠬᠤᠨᠢᠭᠤᠯᠬᠤ᠂ ᠵᠢᠷᠤᠮ ᠤᠨ ᠡᠮᠴᠢᠯᠡᠭᠡ᠂ ᠣᠷᠴᠢᠨ ᠲᠣᠭᠤᠷᠢᠨ ᠢ ᠴᠡᠪᠡᠷᠯᠡᠬᠦ ᠵᠡᠷᠭᠡ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠨ ᠤ ᠪᠠᠯᠭᠠᠰᠤᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号