ᠯᠢᠦᠢ ᠶᠣᠣ ᠯᠦᠩ
ᠨᠡᠶᠢᠲᠡᠯᠡᠭᠰᠡᠨ ᠴᠠᠭ᠄
2024/5/14
ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠦᠨᠳᠦᠰᠦᠲᠡᠨ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠮᠣ ᠳ᠋ᠠᠶᠢᠲ᠋ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠲᠦᠷᠭᠡᠨ ᠰᠢᠢᠳᠪᠦᠷᠢᠯᠡᠵᠦ ᠵᠢᠯᠣᠭᠤᠳᠤᠨ ᠳᠣᠭᠢᠷᠠᠭᠤᠯᠬᠤ ᠲᠥᠪ᠃      ᠬᠠᠷᠢᠯᠴᠠᠬᠤ ᠰᠠᠯᠠᠭ᠎ᠠ ᠮᠦᠴᠢᠷ᠄ ᠰᠢᠶᠠᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠬᠤᠪᠢ ᠬᠥᠮᠦᠨ ᠤ ᠲᠣᠪᠴᠢ ᠨᠠᠮᠲᠠᠷ      ᠯᠢᠦᠶ ᠶᠣᠣ ᠯᠦᠩ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 1 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠲᠣᠭᠲᠠᠬᠤ ᠰᠢᠶᠠᠨ ᠤ ᠬᠥᠮᠦᠨ᠂ ᠢᠨᠵᠧᠨᠧᠷᠢᠩ ᠤᠨ ᠤᠬᠠᠭᠠᠨ ᠤ ᠮᠠᠰᠲ᠋ᠧᠷ᠂ 2005 ᠣᠨ ᠤ 9 ᠰᠠᠷ᠎ᠠ ᠳᠤ ᠠᠵᠢᠯ ᠳᠤ ᠣᠷᠣᠵᠤ᠂ 2005 ᠣᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠣᠲᠣ ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号