ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠬᠤᠷᠢᠨᠭᠡᠷ ᠰᠢᠶᠠᠨ ᠤ ᠣᠶ ᠮᠣᠳᠣᠨ ᠤ ᠡᠷᠬᠡ ᠶᠢᠨ ᠥᠭᠡᠷᠡᠴᠢᠯᠡᠯᠲᠡ ᠪᠠ ᠴᠠᠨ᠎ᠠ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/14
     5 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠧᠦ ᠪᠥᠸᠧ ᠵᠢᠶᠦ᠋ᠨ᠂ ᠥᠭᠡᠷᠡᠴᠢᠯᠡᠯᠲᠡ ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠭᠠᠵᠠᠷ ᠤᠨ ᠳᠠᠷᠤᠭ᠎ᠠ ᠪᠦᠦ ᠴᠦᠨ ᠱᠧᠩ᠂ ᠳᠡᠳ᠋ ᠳᠠᠷᠤᠭ᠎ᠠ ᠯᠢᠦ ᠵᠢᠶᠦ᠋ᠨ ᠬᠤᠷᠢᠨᠭᠡᠷ ᠰᠢᠶᠠᠨ ᠤ ᠣᠶ ᠰᠢᠭᠤᠶ ᠶᠢᠨ ᠡᠷᠬᠡ ᠶᠢᠨ ᠥᠭᠡᠷᠡᠴᠢᠯᠡᠯᠲᠡ ᠪᠠ ᠴᠠᠨ᠎ᠠ ᠡᠮ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠴᠠᠢ ᠵᠠᠨ ᠭᠦᠸᠧ᠂ ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠨᠱᠠᠨ ᠴᠡᠴᠡᠷᠯᠢᠭ ᠤᠨ ᠴᠠᠨ᠎ᠠ ᠳᠠᠷᠢᠬᠤ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠯᠪᠡᠷᠢ ᠪᠠᠷ ᠳᠠᠮᠵᠢᠭᠤᠯᠤᠨ ᠴᠠᠨ᠎ᠠ ᠴᠡᠴᠡᠭ ᠤᠨ ᠠᠵᠤ ᠦᠢᠯᠡᠰ ᠤᠨ ᠣᠲᠣ ᠶᠢᠨ ᠪᠠᠶᠢᠭ᠎ᠠ ᠡᠭᠦᠯᠳᠡᠷ᠂ ᠲᠠᠷᠢᠮᠠᠯ ᠤᠨ ᠬᠡᠪᠴᠢᠶ᠎ᠡ᠂ ᠡᠵᠡᠩᠨᠡᠯᠲᠡ ᠶᠢᠨ ᠵᠠᠭᠪᠤᠷ᠂ ᠬᠥᠭᠵᠢᠯᠲᠡ ᠶᠢᠨ ᠰᠡᠳᠬᠢᠮᠵᠢ ᠶᠢ ᠨᠠᠷᠢᠨ ᠣᠶᠢᠯᠠᠭᠠᠬᠤ ᠶᠢᠨ ᠬᠠᠮᠲᠤ᠂ ᠬᠠᠮᠲᠤ ᠶᠢᠨ ᠣᠶ ᠰᠢᠭᠤᠶ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠬᠢᠭᠡᠳ ᠴᠠᠨ᠎ᠠ ᠶᠣᠣ ᠶᠢᠨ ᠠᠵᠤ ᠦᠢᠯᠡᠰ ᠤᠨ ᠬᠥᠭᠵᠢᠯᠲᠡ ᠶᠢ ᠵᠣᠯᠭᠠᠯᠳᠤᠭᠤᠯᠬᠤ ᠲᠠᠯ᠎ᠠ ᠪᠠᠷ ᠬᠠᠶᠢᠨ ᠰᠥᠪᠡᠭᠴᠢᠯᠡᠯᠲᠡ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠵᠢᠯᠣᠭᠤᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠢᠨᠭᠡᠷ ᠰᠢᠶᠠᠨ ᠤ ᠴᠠᠨ᠎ᠠ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠨᠤᠲᠠᠯᠠᠵᠤ᠂ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠢᠭᠲᠠᠶ ᠴᠠᠭ ᠲᠣᠬᠢᠶᠠᠯ ᠢ ᠠᠮᠵᠢᠨ᠂ ᠬᠠᠮᠲᠤ ᠶᠢᠨ ᠣᠶ ᠮᠣᠳᠣᠨ ᠤ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠢ ᠴᠢᠨᠠᠷ ᠰᠠᠶᠢᠲᠠᠶ ᠬᠥᠭᠵᠢᠭᠦᠯᠬᠦ ᠳᠤ ᠦᠵᠡᠭᠦᠯᠬᠦ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠶ ᠪᠠᠶᠢᠷᠢᠰᠢᠭᠤᠯᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ ᠂ ᠣᠶᠢᠲᠤ ᠭᠠᠵᠠᠷ ᠤᠨ ᠡᠬᠢ ᠪᠠᠶᠠᠯᠢᠭ ᠢ ᠲᠠᠰᠤᠷᠠᠯᠲᠠ ᠥᠬᠡᠶ ᠠᠮᠢᠯᠠᠭᠤᠯᠵᠤ᠂ ᠴᠠᠨ᠎ᠠ ᠡᠮ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ᠂ ᠰᠢᠨ᠎ᠡ ᠠᠷᠭ᠎ᠠ ᠵᠠᠮ ᠢ ᠬᠦᠴᠦ ᠪᠠᠨ ᠬᠠᠮᠲᠤᠳᠬᠠᠨ ᠬᠠᠶᠢᠨ ᠰᠦᠪᠡᠭᠴᠢᠯᠡᠵᠦ ᠂ ᠳᠠᠭᠤᠷᠢᠶᠠᠵᠤ ᠪᠣᠯᠬᠤ᠂ ᠲᠣᠯᠢ ᠪᠣᠯᠭᠠᠵᠤ ᠪᠣᠯᠬᠤ ᠲᠡᠷᠢᠭᠦᠨ ᠤ ᠲᠤᠷᠰᠢᠯᠭ᠎ᠠ ᠶᠢ ᠪᠣᠶ ᠪᠣᠯᠭᠠᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠢᠨᠭᠡᠷ ᠰᠢᠶᠠᠨ ᠤ ᠨᠠᠨᠱᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠣᠳᠣ 100 ᠭᠠᠷᠤᠶ ᠴᠠᠨ᠎ᠠ ᠴᠡᠴᠡᠭ ᠤᠨ ᠲᠥᠷᠥᠯ ᠵᠦᠢᠯ ᠳᠠᠷᠢᠵᠤ ᠪᠠᠶᠢᠨ᠎ᠠ᠃ ᠲᠣᠬᠢᠷᠠᠭᠤᠯᠤᠭᠰᠠᠨ ᠥᠨᠢᠷ ᠴᠡᠴᠡᠭ ᠤᠨ ᠬᠦᠷᠢᠶᠡᠯᠡᠩ᠂ ᠥᠨᠢᠷ ᠡᠪᠡᠰᠦᠨ ᠤ ᠬᠦᠷᠢᠶᠡᠯᠡᠩ ᠵᠢᠴᠢ ᠲᠦᠮᠡ ᠭᠠᠷᠤᠶ ᠮᠥ ᠲᠤᠷᠤᠭ ᠮᠣᠳᠣ᠂ ᠪᠣᠳᠠ ᠮᠣᠳᠣ ᠨᠢ ᠪᠠᠶᠢᠭᠠᠯᠢ ᠪᠣᠯᠤᠨ ᠬᠥᠮᠦᠨ ᠰᠣᠶᠣᠯ ᠤᠨ ᠦᠵᠡᠮᠵᠢ ᠶᠢ ᠨᠢᠭᠡ ᠴᠣᠭᠴᠠ ᠪᠣᠯᠭᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ︽ᠥᠪᠥᠷ ᠮᠣᠩᠭᠤᠯ ᠤᠨ ᠱᠧᠩ ᠯᠧ ᠴᠠᠨ᠎ᠠ ᠴᠡᠴᠡᠭ ᠤᠨ ᠰᠣᠶᠣᠯ ᠤᠨ ᠵᠢᠭᠤᠯᠴᠢᠯᠠᠯ ᠤᠨ ᠨᠠᠶᠢᠷ︾ ᠢ ᠦᠷᠭᠦᠯᠵᠢᠯᠡᠨ ᠠᠮᠵᠢᠯᠲᠠ ᠲᠠᠢ ᠡᠷᠭᠢᠯᠡᠬᠦ ᠪᠠᠷ ᠳᠠᠮᠵᠢᠭᠤᠯᠤᠨ᠂ ᠴᠠᠨ᠎ᠠ ᠡᠮ ᠤᠨ ᠨᠡᠷ᠎ᠡ ᠶᠢᠨ ᠬᠠᠭᠤᠳᠠᠰᠤ ᠶᠢ ᠤᠯᠠᠮ ᠨᠢᠭᠡ ᠠᠯᠬᠤᠮ ᠬᠠᠩᠭᠢᠨᠠᠭᠤᠯᠵᠤ᠂ ᠥᠩᠭᠡᠷᠡᠭᠰᠡᠨ ᠤ ᠠᠭᠯᠠᠭ ᠠᠭᠤᠯᠠ ᠶᠢ ᠰᠣᠶᠣᠯ ᠤᠨ ᠬᠠᠶᠢᠯᠲᠠ᠂ ᠠᠮᠢ ᠠᠬᠤᠶ ᠶᠢᠨ ᠵᠢᠭᠤᠯᠴᠢᠯᠠᠯ ᠂ ᠰᠡᠯᠡᠭᠦᠴᠡᠯ ᠠᠮᠠᠷᠠᠯᠲᠠ ᠵᠡᠷᠭᠡ ᠶᠢ ᠨᠢᠭᠡ ᠴᠣᠭᠴᠠ ᠪᠣᠯᠭᠠᠭᠰᠠᠨ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠬᠡᠯᠪᠡᠷᠢ ᠶᠢᠨ ᠵᠢᠭᠤᠯᠴᠢᠯᠠᠯ ᠤᠨ ᠣᠷᠣᠨ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠬᠢᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠭᠡᠶ᠂ ᠬᠡᠷᠡᠭᠴᠡᠭᠡ᠂ ᠣᠶ ᠮᠣᠳᠣᠨ ᠤ ᠲᠥᠷᠥᠯ ᠢ ᠬᠤᠪᠢᠷᠠᠭᠤᠯᠬᠤ ᠦᠭᠡᠶ ᠤᠷᠢᠲᠠᠯ ᠳᠣᠣᠷ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠠᠴᠢᠯᠠᠬᠤ᠂ ᠲᠦᠷᠢᠶᠡᠰᠦᠯᠡᠬᠦ ᠵᠡᠷᠭᠡ ᠣᠯᠠᠨ ᠵᠦᠢᠯ ᠤᠨ ᠰᠢᠭᠤᠶᠢᠲᠤ ᠭᠠᠵᠠᠷ ᠢ ᠡᠷᠭᠢᠯᠲᠡ ᠳᠤ ᠣᠷᠣᠭᠤᠯᠬᠤ ᠬᠡᠯᠪᠡᠷᠢ ᠪᠠᠷ ᠴᠠᠨ᠎ᠠ ᠴᠡᠴᠡᠭ ᠳᠠᠷᠢᠬᠤ ᠲᠠᠯᠠᠪᠠᠶ ᠶᠢ 600 ᠮᠥ ᠰᠢᠨ᠎ᠡ ᠪᠠᠷ ᠨᠡᠮᠡᠭᠳᠡᠭᠦᠯᠵᠦ᠂ ᠴᠠᠨ᠎ᠠ ᠴᠡᠴᠡᠭ ᠤᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ ᠶᠢᠨ ᠬᠠᠮᠲᠤ ᠴᠠᠨ᠎ᠠ ᠴᠡᠴᠡᠭ ᠤᠨ ᠦᠵᠡᠮᠦᠷᠢ ᠪᠠ ᠡᠮ ᠤᠨ ᠬᠡᠷᠡᠭᠯᠡᠭᠡᠨ ᠤ ᠥᠷᠲᠡᠭ ᠢ ᠭᠦᠨᠵᠡᠭᠡᠶ ᠨᠡᠭᠡᠭᠡᠨ ᠬᠥᠭᠵᠢᠭᠦᠯᠵᠦ᠂ ᠳᠠᠷᠢᠬᠤ᠂ ᠰᠣᠨᠢᠷᠬᠠᠬᠤ᠂ ᠪᠣᠷᠣᠯᠠᠭᠤᠯᠬᠤ᠂ ᠡᠮ ᠬᠡᠷᠡᠭᠯᠡᠬᠦ ᠶᠢ ᠨᠢᠭᠡ ᠴᠤᠭᠴᠠᠵᠢᠭᠤᠯᠤᠭᠰᠠᠨ ᠴᠠᠨ᠎ᠠ ᠴᠡᠴᠡᠭ ᠤᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠠᠵᠤ ᠦᠢᠯᠡᠰ ᠤᠨ ᠬᠥᠭᠵᠢᠯᠲᠡ ᠪᠠ ᠬᠠᠮᠲᠤ ᠶᠢᠨ ᠣᠶ ᠰᠢᠭᠤᠶ ᠶᠢᠨ ᠥᠭᠡᠷᠡᠴᠢᠯᠡᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠣᠶᠢᠲᠤ ᠭᠠᠵᠠᠷ ᠤᠨ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号