ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠶᠠ ᠳ᠋ᠦᠩ ᠨᠠᠷ ᠮᠠᠨ ᠤ ᠰᠢᠶᠠᠨ ᠳᠤ ᠭᠦᠨᠵᠡᠭᠡᠶᠢᠷᠡᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/14
     5 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠶᠠ ᠳ᠋ᠦᠩ᠂ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ᠂ ᠶᠡᠷᠦᠩᠬᠡᠶ ᠨᠠᠶᠢᠷᠠᠭᠤᠯᠤᠭᠴᠢ ᠱᠢ ᠮᠦᠸᠧ ᠨᠠᠷ ᠮᠠᠨ ᠤ ᠰᠢᠶᠠᠨ ᠳᠤ ᠭᠦᠨᠵᠡᠭᠡᠶᠢᠷᠡᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠣᠷᠣᠯᠴᠠᠪᠠ᠃      ᠸᠠᠩ ᠶᠠ ᠳ᠋ᠦᠩ ᠨᠡᠷ ᠤᠷᠢᠳ ᠬᠤᠵᠢᠳ ᠣᠣ ᠸᠧᠢ ᠠᠳᠤᠭᠤᠨ ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠳᠠᠶᠢᠴᠢᠳ ᠲᠣᠰᠬᠤᠨ᠂ ᠱᠧᠩ ᠯᠧ ᠲᠣᠭᠠᠴᠢᠯᠠᠭᠰᠠᠨ ᠰᠣᠶᠣᠯ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ᠲᠦ᠋ ᠴᠧᠩ ᠽᠢ ᠶᠢᠨ ᠪᠠᠭᠤᠷᠢ᠂ ᠬᠥᠯ ᠪᠥᠮᠪᠦᠭᠡ ᠶᠢᠨ ᠵᠢᠵᠢᠭ ᠪᠠᠯᠭᠠᠰᠤ᠂ ︽ᠡᠮᠦᠨ᠎ᠡ ᠠᠭᠤᠯᠠ — ᠪᠣᠣ ᠪᠸᠢ ᠾᠧ ᠭᠤᠣᠯ — ᠱᠢ ᠽᠦᠢ ᠽᠢ ᠨᠠᠭᠤᠷ︾ ᠤᠨ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠪᠦᠰᠡ᠂ ᠴᠢᠶᠠᠨ ᠶᠣᠣ ᠽᠢ ᠤᠰᠤᠨ ᠴᠥᠭᠦᠷᠥᠮ ᠤᠨ ᠦᠵᠡᠮᠵᠢ ᠶᠢᠨ ᠣᠷᠣᠨ᠂ ᠪᠣᠭᠤᠮᠲᠠ ᠶᠢᠨ ᠭᠠᠳᠠᠨᠠᠬᠢ ᠲᠤᠭᠤᠷ ᠤᠨ ᠬᠦᠷᠢᠶᠡᠯᠡᠩ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠭᠦᠨᠵᠡᠭᠡᠶᠢᠷᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠳᠠᠷᠠᠭ᠎ᠠ ᠨᠢ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠪᠣᠯᠤᠨ ᠬᠤᠷᠢᠨᠭᠡᠷ ᠰᠢᠶᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠯᠴᠠᠪᠠ᠃      ᠯᠢ ᠯᠢᠦ ᠰᠢᠶᠤᠤ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠢᠨ ᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠤᠷᠢᠨᠭᠡᠷ ᠰᠢᠶᠠᠨ ᠤ ᠲᠡᠦᠬᠡ ᠰᠣᠶᠣᠯ ᠤᠨ ᠰᠠᠭᠤᠷᠢ ᠭᠦᠨ ᠵᠤᠵᠠᠭᠠᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠰᠠᠶᠢᠨ᠂ ᠣᠷᠣᠨ ᠪᠠᠶᠢᠷᠢ ᠶᠢᠨ ᠳᠠᠪᠠᠭᠤᠯᠢᠭ ᠲᠤᠪᠤᠶᠢᠮ᠎ᠠ ᠪᠠᠶᠢᠳᠠᠭ᠃ ᠤᠢᠢᠷ᠎ᠠ ᠶᠢᠨ ᠵᠢᠯ ᠠᠴᠠ᠂ ᠬᠤᠷᠢᠨᠭᠡᠷ ᠰᠢᠶᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠵᠤ ᠰᠣᠶᠣᠯ ᠵᠢᠭᠤᠯᠴᠢᠯᠠᠯ ᠤᠨ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠵᠠᠢ᠃ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠰᠣᠶᠣᠯ ᠤᠨ ᠦᠢᠯᠡᠴᠢᠯᠡᠭᠡ᠂ ᠤᠬᠠᠭᠤᠯᠤᠨ ᠲᠠᠨᠢᠯᠴᠠᠭᠤᠯᠬᠤ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠨᠠᠩ ᠣᠯᠠᠨ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠬᠤᠷᠢᠨᠭᠡᠷ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠠᠭᠤᠳᠠᠯᠬᠤ ᠶᠢ ᠬᠦᠰᠡᠵᠦ ᠪᠠᠶᠢᠨ᠎ᠠ᠃ ᠬᠤᠷᠢᠨᠭᠡᠷ ᠰᠢᠶᠠᠨ ᠪᠠᠰᠠ ᠰᠤᠳᠤᠴᠤᠤᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠬᠡᠪᠯᠡᠯ ᠤᠨ ᠪᠦᠯᠦᠭᠯᠡᠯ ᠳᠤ ᠴᠢᠨᠠᠷ ᠰᠠᠶᠢᠲᠠᠢ ᠦᠢᠯᠡᠴᠢᠯᠡᠭᠡ ᠪᠠ ᠪᠠᠲᠤ ᠪᠠᠬᠢ ᠪᠠᠲᠤᠯᠠᠭ᠎ᠠ ᠬᠠᠩᠭᠠᠬᠤ ᠪᠣᠯᠤᠨ᠎ᠠ᠃      ᠸᠠᠩ ᠶᠠ ᠳ᠋ᠦᠩ ᠮᠠᠨ ᠤ ᠰᠢᠶᠠᠨ ᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠢ ᠨᠤᠲᠠᠯᠠᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠭᠰᠡᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠨᠠᠩ ᠰᠠᠶᠢᠨ ᠬᠥᠭᠵᠢᠯᠲᠡ ᠳᠤ ᠪᠣᠳᠠᠲᠠᠶ ᠵᠢᠯᠣᠭᠤᠳᠬᠤ ᠰᠠᠨᠠᠭᠤᠯᠭ᠎ᠠ ᠳᠤᠷᠠᠳᠪᠠ᠃ ᠲᠡᠷᠡ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠵᠠᠷ ᠮᠡᠳᠡᠭᠡᠨ ᠤ ᠤᠬᠠᠭᠤᠯᠭ᠎ᠠ᠂ ᠠᠷᠭ᠎ᠠ ᠵᠠᠮ ᠤᠨ ᠡᠬᠢ ᠪᠠᠶᠠᠯᠢᠭ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠬᠤᠶᠠᠷ ᠲᠠᠯ᠎ᠠ ᠪᠠᠷ ᠢᠶᠠᠨ ᠨᠢᠭᠲᠠ ᠨᠡᠪᠲᠡᠷᠡᠯᠴᠡᠨ ᠵᠣᠯᠭᠠᠭᠤᠯᠵᠤ᠂ ᠲᠤᠰ ᠲᠤᠰ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠢᠳᠡᠪᠬᠢᠲᠡᠢ ᠡᠷᠢᠯᠬᠢᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号