ᠮᠠᠨ ᠤ ᠣᠷᠣᠨ ᠤ 8 ᠬᠤᠰᠢᠭᠤ ᠰᠢᠶᠠᠨ ︽ᠪᠦᠭᠦ ᠣᠷᠣᠨ ᠪᠦᠰᠡ ᠶᠢᠨ ᠨᠡᠶᠢᠲᠡ ᠶᠢᠨ ᠵᠠᠮ ᠬᠠᠷᠢᠯᠴᠠᠭ᠎ᠠ︾ ᠶᠢ ᠪᠦᠷᠬᠦᠭᠦᠯᠪᠡ
ᠨᠡᠶᠢᠲᠡᠯᠡᠭᠰᠡᠨ ᠴᠠᠭ᠄
2024/5/16
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠣᠷᠣᠨ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ᠂ ᠪᠡᠯᠡ ᠮᠥᠩᠭᠦ ᠪᠠᠷ ᠲᠡᠳᠬᠦᠬᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠤᠲᠠ ᠬᠥᠳᠡᠭᠡ ᠶᠢᠨ ᠨᠡᠶᠢᠲᠡ  ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠠᠬᠢᠴᠠ ᠶᠢ ᠢᠳᠡᠪᠬᠢᠲᠡᠢ ᠠᠬᠢᠭᠤᠯᠵᠤ᠂ ᠤᠳᠤ 8 ᠬᠤᠰᠢᠭᠤ ᠰᠢᠶᠠᠨ ᠨᠢᠭᠡᠨᠲᠡ ︽ᠪᠦᠭᠦ ᠣᠷᠣᠨ ᠪᠦᠰᠡ ᠶᠢᠨ ᠨᠡᠶᠢᠲᠡ ᠶᠢᠨ ᠵᠠᠮ ᠬᠠᠷᠢᠯᠴᠠᠭ᠎ᠠ︾ ᠶᠢ ᠪᠦᠷᠬᠦᠭᠦᠯᠪᠡ᠃      ᠮᠠᠨ ᠤ ᠣᠷᠣᠨ ᠪᠦᠭᠦ ᠣᠷᠣᠨ ᠪᠦᠰᠡ ᠶᠢᠨ ᠨᠡᠶᠢᠲᠡ ᠶᠢᠨ ᠮᠠᠰᠢᠨ ᠲᠡᠷᠭᠡᠨ ᠤ ᠬᠥᠭᠵᠢᠯᠲᠡ ᠶᠢ ᠠᠬᠢᠭᠤᠯᠬᠤ ᠶᠠᠪᠤᠴᠠ ᠳᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠶᠢ ᠵᠠᠩᠭᠢᠯᠠᠭ᠎ᠠ ᠪᠣᠯᠭᠠᠨ ᠠᠳᠬᠤᠵᠠᠢ᠃ ᠤᠯᠤᠰ ᠤᠨ ᠵᠢᠱᠢᠶ᠎ᠡ ᠦᠵᠡᠭᠦᠯᠭᠦ ᠨᠢᠭᠡᠴᠢ ᠪᠤᠯᠬᠤ ᠬᠤᠷᠢᠨᠭᠡᠷ ᠰᠢᠶᠠᠨ ᠨᠢ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ ᠵᠦᠢᠯ  ᠤᠨ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠧᠩ ᠭᠤᠸᠠᠨ ᠪᠠᠯᠭᠠᠰᠤ - ᠭᠦᠭᠡᠬᠤᠲᠠ ᠬᠦᠷᠬᠦ ᠵᠠᠮ ᠢ ᠰᠢᠨ᠎ᠡ ᠪᠠᠷ ᠨᠠᠪᠲᠠᠷᠡᠭᠦᠯᠵᠦ᠂ ᠣᠷᠣᠨ ᠤ ᠲᠥᠪ ᠬᠤᠲᠠ ᠶᠢᠨ ᠳᠡᠳ᠋ ᠲᠥᠪ ᠭᠠᠵᠠᠷ  ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠲᠦᠮᠡᠳ ᠪᠠᠷᠠᠭᠤᠨ ᠬᠤᠰᠢᠭᠤ ᠨᠢ ᠪᠦᠭᠦ ᠬᠤᠰᠢᠭᠤ ᠶᠢ ᠬᠠᠮᠤᠷᠤᠭᠰᠠᠨ ᠪᠦᠭᠦ ᠣᠷᠣᠨ ᠪᠦᠰᠡ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠣᠣᠷ ᠢ ᠪᠠᠶᠢᠭᠤᠯᠵᠤ᠂ ︽ᠨᠡᠶᠢᠲᠡ ᠶᠢᠨ ᠮᠠᠰᠢᠨ ᠳᠤ ᠪᠠᠷᠠᠭ᠎ᠠ ᠳᠠᠭᠠᠭᠤᠯᠬᠤ︾ ᠭᠡᠯᠪᠡᠷᠢ ᠪᠠᠷ ᠠᠶᠠᠨᠴᠢᠨ ᠤ ᠵᠥᠭᠡᠭᠡᠪᠦᠷᠢ ᠬᠢᠭᠡᠳ ᠪᠠᠷᠠᠭᠠᠨ ᠤ ᠲᠡᠭᠡᠭᠡᠪᠦᠷᠢ ᠶᠢᠨ ᠠᠭᠤᠰᠤᠯᠴᠠᠯ ᠢ ᠪᠡᠶᠡᠯᠡᠭᠦᠯᠵᠦ᠂ ᠰᠠᠷ᠎ᠠ ᠪᠦᠷᠢ ᠳᠤᠮᠳᠠᠴᠢ ᠪᠠᠷ 1000 ᠭᠠᠷᠤᠢ ᠲᠦᠷᠭᠡᠨ ᠬᠦᠷᠭᠡᠯᠲᠡ ᠶᠢᠨ ᠪᠣᠭᠤᠳᠠᠯ ᠲᠡᠭᠡᠭᠡᠪᠦᠷᠢᠯᠡᠨ ᠬᠦᠷᠭᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠭᠦ ᠨᠢᠭᠡᠴᠢ ᠪᠤᠯᠬᠤ ᠦᠶᠤᠸᠠᠨ ᠰᠢᠶᠠᠨ ᠨᠢᠭᠡᠨᠲᠡ ᠬᠥᠷᠰᠢ ᠵᠡᠷᠭᠡᠯᠡᠳᠡᠭᠡ ᠬᠤᠰᠢᠭᠤ ᠰᠢᠶᠠᠨ᠂ ᠡᠯ᠎ᠡ ᠲᠣᠰᠬᠤᠨ ᠪᠠᠯᠭᠠᠰᠤ ᠳᠤ ᠨᠡᠪᠲᠡᠷᠡᠬᠦ ᠨᠡᠶᠢᠲᠡ ᠶᠢᠨ ᠮᠠᠰᠢᠨ ᠲᠡᠷᠭᠡᠨ ᠤ ᠲᠣᠣᠷ ᠢ ᠪᠦᠷᠢᠯᠳᠦᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠪᠢᠯᠧᠲ ᠤᠨ ᠦᠨ᠎ᠡ ᠶᠢ ᠳᠤᠮᠳᠠᠴᠢ ᠪᠠᠷ 50% ᠠᠴᠠ ᠳᠡᠭᠡᠭᠰᠢ ᠪᠠᠭᠤᠷᠠᠭᠤᠯᠤᠨ᠂ 30 ᠲᠦᠮᠡ ᠭᠠᠷᠤᠢ ᠤᠯᠠᠨ ᠲᠦᠮᠡᠨ ᠳᠤ ᠠᠰᠢᠭ ᠭᠦᠷᠲᠡᠭᠡᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢ ᠪᠦᠭᠦ ᠣᠷᠣᠨ ᠪᠦᠰᠡ ᠶᠢᠨ ᠨᠡᠶᠢᠲᠡ ᠶᠢᠨ ᠮᠠᠰᠢᠨ ᠲᠡᠷᠭᠡᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭᠠᠨ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 85% ᠠᠴᠠ ᠳᠠᠪᠠᠭᠤᠯᠤᠨ᠂ ᠪᠦᠭᠦ ᠬᠤᠰᠢᠭᠤᠨ ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠯ  ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠤᠢ᠃      ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠭᠦ ᠨᠢᠭᠡᠴᠢ ᠠᠴᠠ ᠭᠠᠳᠠᠨ᠎ᠠ ᠳᠠᠯᠠᠳ ᠬᠤᠰᠢᠭᠤ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠠᠯᠪᠠᠨ ᠤ ᠲᠡᠷᠭᠡ ᠶᠢ ᠠᠯᠪᠠᠨ ᠠᠴᠠ ᠡᠵᠡᠩᠨᠡᠬᠦ᠂ ᠡᠳ᠋ ᠤᠨ ᠵᠠᠰᠠᠭ ᠠᠴᠠ ᠦᠨᠳᠦᠰᠦᠨ ᠵᠦᠢᠯ ᠢ ᠪᠠᠲᠤᠯᠠᠬᠤ︾ ᠪᠠᠷ ᠵᠠᠷᠴᠢᠮ ᠪᠣᠯᠭᠠᠨ ︽ᠵᠠᠮ ᠱᠤᠭᠤᠮ ᠤᠨ ᠡᠵᠡᠩᠨᠡᠯᠲᠡ + ᠠᠵᠢᠯ ᠳᠤ ᠭᠠᠷᠬᠤ ᠲᠤᠬᠠᠶᠢᠯᠠᠭᠰᠠᠨ ᠠᠵᠢᠯ + ᠵᠠᠬᠢᠶᠠᠯᠠᠭ᠎ᠠ ᠶᠢᠨ ᠨᠡᠶᠢᠲᠡ ᠶᠢᠨ ᠮᠠᠰᠢᠨ ᠲᠡᠷᠭᠡ + ᠲᠦᠷᠢᠶᠡᠰᠦᠨ ᠮᠠᠰᠢᠨ ᠲᠡᠷᠭᠡᠨ ᠤ ᠦᠢᠯᠡᠴᠢᠯᠡᠭᠡ︾ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠵᠠᠭᠪᠤᠷ ᠢ ᠨᠡᠭᠡᠭᠡᠨ ᠬᠥᠭᠵᠢᠭᠦᠯᠵᠦ᠂ ᠣᠯᠠᠨ ᠲᠦᠮᠡᠨ ᠤ ᠣᠯᠠᠨ ᠡᠰᠢᠵᠢᠭᠰᠡᠨ ᠭᠠᠳᠠᠭᠰᠢ ᠭᠠᠷᠬᠤ ᠬᠡᠷᠡᠭᠴᠡᠭᠡ ᠶᠢ ᠬᠠᠩᠭᠠᠵᠤ ᠪᠠᠶᠢᠨ᠎ᠠ᠃ ᠪᠠᠭᠠᠷᠢᠨ ᠪᠠᠷᠠᠭᠤᠨ ᠬᠤᠰᠢᠭᠤ ᠬᠥᠳᠡᠭᠡ ᠲᠣᠰᠬᠤᠨ ᠤ ᠠᠶᠠᠨᠴᠢᠨ ᠤ ᠵᠥᠭᠡᠭᠡᠪᠦᠷᠢ ᠶᠢᠨ ᠨᠡᠶᠢᠲᠡ ᠶᠢᠨ ᠵᠠᠮ ᠬᠠᠷᠢᠯᠴᠠᠭᠠᠨ ᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠪᠦᠭᠦ ᠣᠷᠣᠨ ᠪᠦᠰᠡ ᠶᠢᠨ ᠨᠡᠶᠢᠲᠡ ᠶᠢᠨ ᠮᠠᠰᠢᠨ ᠲᠡᠷᠭᠡᠨ ᠤ ᠵᠠᠭᠪᠤᠷ  ᠢᠶᠠᠷ 9 ᠰᠤᠮᠤ ᠰᠢᠶᠠᠩ ᠪᠠᠯᠭᠠᠰᠤ ᠪᠣᠯᠣᠨ 161 ᠪᠠᠶᠢᠭᠤᠯᠤᠮᠵᠢᠲᠤ ᠭᠠᠴᠠᠭ᠎ᠠ ᠲᠣᠰᠬᠤᠨ ᠢ ᠬᠠᠮᠤᠷᠴᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠳᠤ ᠶᠡᠭᠡ ᠲᠦᠭᠦᠮ ᠦᠵᠡᠭᠦᠯᠪᠡ᠃ ᠬᠤᠣᠯᠢᠨ ᠭᠤᠣᠯ ᠬᠤᠲᠠ 12 ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠨᠠᠪᠲᠠᠷᠡᠭᠦᠯᠵᠦ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 100% ᠳᠤ ᠤᠶᠢᠷᠠᠳᠤᠭᠤᠯᠪᠠ᠃ ᠮᠠᠨᠵᠤᠤᠷ ᠬᠤᠲᠠ ᠲᠡᠷᠭᠡ ᠲᠣᠬᠢᠷᠠᠭᠤᠯᠬᠤ ᠬᠠᠮᠢᠶᠠᠷᠤᠯᠲᠠ ᠶᠢᠨ ᠲᠠᠪᠴᠠᠩ ᠢᠶᠠᠷ ᠲᠠᠮᠵᠢᠨ ᠦᠢᠯᠡᠴᠢᠯᠡᠭᠡ ᠪᠠᠨ ᠲᠡᠰ ᠳᠡᠪᠰᠢᠭᠦᠯᠵᠦ᠂ ᠵᠢᠭᠤᠯᠴᠢᠯᠠᠯ  ᠤᠨ ᠦᠢᠯᠡᠴᠢᠯᠡᠭᠡᠨ ᠤ ᠲᠢᠩᠬᠢᠮ᠂ ᠤᠯᠤᠰ ᠤᠨ ᠡᠭᠦᠳᠡ᠂ ᠦᠷᠡᠭᠳᠡᠭᠰᠡᠨ ᠪᠠᠭᠠᠲᠤᠷᠴᠤᠳ ᠤᠨ ᠬᠥᠰᠢᠶ᠎ᠡ ᠵᠡᠷᠭᠡ ᠥᠷᠲᠡᠭᠡ ᠴᠡᠭ ᠢ ᠪᠦᠲᠦᠮᠵᠢᠲᠡᠶ ᠬᠤᠯᠪᠣᠵᠤ᠂ ᠬᠢᠯᠢ ᠶᠢᠨ ᠵᠢᠭᠤᠯᠴᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号