ᠬᠤᠷᠢᠨᠭᠡᠷ ᠰᠢᠶᠠᠨ ︽ᠬᠥᠳᠡᠭᠡ ᠲᠣᠰᠬᠤᠨ ᠤ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/20
     ᠲᠠᠷᠢᠶᠠᠴᠢᠳ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠶᠢᠨ ᠣᠶᠢᠯᠠᠭᠠᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠬᠠᠤᠯᠢ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠴᠢᠳ ᠤᠨ ᠲᠣᠰ ᠪᠡᠶ᠎ᠡ ᠶᠢᠨ ᠭᠠᠵᠠᠷ ᠰᠢᠷᠣᠶ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠳᠡᠭᠡᠭᠰᠢᠯᠡᠭᠦᠯᠵᠦ᠂ ᠲᠠᠷᠢᠶᠠᠴᠢᠳ ᠢ ᠬᠠᠪᠰᠤᠷᠤᠨ ᠭᠠᠵᠠᠷ ᠰᠢᠷᠣᠶ ᠶᠢᠨ ᠬᠥᠨᠳᠡᠯᠡᠨ ᠠᠴᠠ ᠲᠠᠰᠤᠯᠬᠤ ᠶᠢᠨ ᠦᠢᠯᠡᠳᠦᠯ ᠪᠠ ᠳᠠᠬᠢᠨ ᠬᠡᠷᠡᠭᠯᠡᠬᠦ ᠴᠢᠨᠠᠷ ᠢ ᠣᠶᠢᠯᠠᠭᠠᠭᠤᠯᠬᠤ ᠶᠢᠨ ᠲᠥᠯᠥᠭᠡ ᠶᠤᠮ᠃ 5 ᠰᠠᠷ᠎ᠠ ᠶᠢᠨ ᠳᠤᠮᠳᠠᠴᠢ ᠪᠠᠷ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠬᠠᠤᠯᠢ︾ ᠶᠢᠨ ᠲᠣᠭᠤᠷᠢᠨ ᠳᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠳᠤ ᠭᠦᠨᠵᠡᠭᠡᠶᠢᠷᠡᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠥᠨᠳᠡᠯᠡᠨ ᠠᠴᠠ ᠲᠠᠰᠤᠯᠬᠤ ᠤᠬᠠᠭᠤᠯᠭ᠎ᠠ ᠶᠢᠨ ᠠᠵᠢᠯ ᠢ ᠥᠷᠨᠢᠭᠦᠯᠪᠡ᠃      5 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ ᠤᠨ 10 ᠭᠠᠷᠤᠢ ᠬᠥᠮᠦᠨ ᠬᠠᠤᠯᠢ ᠴᠠᠭᠠᠵᠠ ᠶᠢ ᠬᠥᠳᠡᠭᠡ ᠪᠠᠭᠤᠯᠭᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠲᠣᠰᠬᠤᠨ ᠤ ᠠᠷᠠᠳ ᠲᠤ ᠭᠠᠵᠠᠷ ᠰᠢᠷᠣᠶ ᠶᠢᠨ ᠬᠥᠨᠳᠡᠯᠡᠨ ᠠᠴᠠ ᠲᠠᠰᠤᠯᠬᠤ ᠬᠠᠤᠯᠢ ᠶᠢᠨ ᠦᠨᠳᠦᠰᠦᠯᠡᠯ ᠪᠠ ᠵᠢᠷᠤᠮ ᠢ ᠨᠠᠷᠢᠨ ᠲᠠᠨᠢᠯᠴᠠᠭᠤᠯᠬᠤ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠠᠶᠢᠯᠤᠮᠵᠢ ᠬᠢᠬᠦ ᠶᠢᠨ ᠬᠠᠮᠲᠤ ᠲᠣᠰᠬᠤᠨ ᠤ ᠠᠷᠠᠳ ᠲᠠᠢ ᠨᠢᠭᠤᠷᠲᠠᠨ ᠶᠠᠷᠢᠯᠴᠠᠵᠤ᠂ ᠬᠥᠨᠳᠡᠯᠡᠨ ᠠᠴᠠ ᠲᠠᠰᠤᠯᠬᠤ ᠶᠠᠪᠤᠴᠠ᠂ ᠭᠤᠮᠣᠳᠠᠯ ᠲᠣᠭᠠᠴᠢᠬᠤ ᠠᠷᠭ᠎ᠠ ᠮᠠᠶ᠋ᠢᠭ ᠪᠠ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠶᠢᠨ ᠠᠰᠠᠭᠤᠳᠠᠯ ᠢ ᠬᠠᠷᠢᠭᠤᠯᠵᠠᠶ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾᠂ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠬᠠᠤᠯᠢ︾ ᠶᠢᠨ 200 ᠭᠠᠷᠤᠶ ᠤᠬᠠᠭᠤᠯᠭ᠎ᠠ ᠶᠢᠨ ᠳᠡᠪᠲᠡᠷ᠂ ᠬᠥᠨᠳᠡᠯᠡᠨ ᠠᠴᠠ ᠲᠠᠰᠤᠯᠬᠤ ᠬᠠᠤᠯᠢ ᠶᠢᠨ ᠤᠬᠠᠭᠤᠯᠭ᠎ᠠ ᠶᠢᠨ ᠥᠩᠭᠡᠲᠦ ᠨᠢᠭᠤᠷ ᠢ 150 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠯᠠᠪᠯᠠᠭ᠎ᠠ ᠳᠤ 100 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠲᠣᠰᠬᠤᠨ ᠤ ᠠᠷᠠᠳ ᠲᠤ ᠭᠠᠵᠠᠷ ᠰᠢᠷᠣᠶ ᠶᠢᠨ ᠬᠥᠨᠳᠡᠯᠡᠨ ᠠᠴᠠ ᠲᠠᠰᠤᠯᠬᠤ ᠪᠣᠳᠠᠲᠠᠶ ᠠᠵᠢᠯᠯᠠᠭᠠᠨ ᠤ ᠶᠠᠪᠤᠴᠠ ᠶᠢ ᠣᠶᠢᠯᠠᠭᠠᠭᠤᠯᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号