ᠬᠤᠷᠢᠨᠭᠡᠷ ᠰᠢᠶᠠᠨ 2024 ᠣᠨ ᠤ ᠪᠦᠬᠦ ᠰᠢᠶᠠᠨ ᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ 2024 ᠣᠨ ᠳᠤ ᠪᠦᠬᠦ ᠰᠢᠶᠠᠨ ᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠬᠤᠷᠠᠯ ᠬᠤᠷᠠᠯᠳᠤᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠰᠦᠷᠳᠡᠭᠦᠯᠦᠯ ᠢ ᠡᠰᠡᠷᠭᠦᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠦᠬᠦ ᠰᠢᠶᠠᠨ ᠤ ᠰᠦᠷᠳᠡᠭᠦᠯᠦᠯ ᠢ ᠡᠰᠡᠷᠭᠦᠴᠡᠬᠦ ᠠᠵᠢᠯ ᠢ ᠳ᠋ᠦᠩᠨᠡᠵᠦ᠂ 2024 ᠣᠨ ᠤ ᠪᠦᠬᠦ ᠰᠢᠶᠠᠨ ᠤ ᠰᠦᠷᠳᠡᠭᠦᠯᠦᠯ ᠢ ᠡᠰᠡᠷᠭᠦᠴᠡᠬᠦ ᠠᠵᠢᠯ ᠢ ᠪᠠᠶᠢᠷᠢᠯᠠᠭᠤᠯᠵᠤ᠂ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠡᠰ ᠳᠠᠷᠠᠭᠠᠯᠠᠨ ᠣᠪᠣᠷ ᠢᠶᠠᠨ ᠢᠯᠡᠳᠬᠡᠬᠦ ᠦᠭᠡ ᠬᠡᠯᠡᠪᠡ᠃      ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠭᠦᠢᠴᠡᠳᠬᠡᠵᠦ᠂ ᠣᠳᠣᠬᠠᠨ ᠤ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠤᠨ ᠰᠢᠨ᠎ᠡ ᠣᠨᠴᠠᠯᠢᠭ ᠰᠢᠨ᠎ᠡ ᠬᠤᠪᠢᠷᠠᠯᠲᠠ ᠶᠢ ᠣᠨᠣᠪᠴᠢᠲᠠᠢ ᠡᠵᠡᠮᠳᠡᠵᠦ᠂ ᠣᠳᠣᠬᠠᠨ ᠤ ᠰᠦᠷᠳᠡᠭᠦᠯᠦᠯ ᠢ ᠡᠰᠡᠷᠭᠦᠴᠡᠬᠦ ᠠᠵᠢᠯ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠢᠨ᠎ᠡ ᠪᠠᠶᠢᠳᠠᠯ ᠳᠣᠣᠷᠠᠬᠢ ᠰᠦᠷᠳᠡᠭᠦᠯᠦᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠰᠦᠷᠳᠡᠭᠦᠯᠦᠯ ᠢ ᠡᠰᠡᠷᠭᠦᠴᠡᠬᠦ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠠᠭᠤᠷᠢ ᠶᠢ ᠪᠠᠶᠢᠴᠠᠭᠠᠨ ᠣᠶᠢᠯᠠᠭᠠᠬᠤ ᠶᠢ ᠪᠣᠳᠠᠲᠠᠶᠢᠵᠢᠭᠤᠯᠵᠤ᠂ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠡᠪᠳᠡᠯᠡᠭᠡ ᠶᠢ ᠰᠡᠷᠭᠡᠶᠢᠯᠡᠬᠦ ᠠᠵᠢᠯᠯᠠᠭ᠎ᠠ ᠶᠢ ᠡᠷᠡᠰ ᠰᠡᠷᠭᠡᠶᠢᠯᠡᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号