ᠬᠥᠬᠡᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠬᠤᠷᠠᠯ ᠵᠢᠴᠢ 2024 ᠣᠨ ᠤ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/5/28
     ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠠᠷᠪᠠᠨ ᠭᠤᠷᠪᠠᠳᠤᠭᠠᠷ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠬᠢᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠴᠡᠴᠡᠷᠯᠢᠭ ᠢ ᠵᠢᠷᠤᠮᠵᠢᠭᠤᠯᠤᠨ ᠡᠷᠭᠢᠯᠡᠬᠦ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠶᠢᠨ ᠦᠷ᠎ᠡ ᠪᠦᠲᠦᠭᠡᠯ ᠲᠤᠷᠰᠢᠯᠭ᠎ᠠ ᠶᠢ ᠳᠡᠯᠭᠡᠨ ᠦᠵᠡᠭᠦᠯᠵᠦ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠴᠢᠨᠠᠷ ᠰᠠᠶᠢᠲᠠᠶ ᠠᠮᠤᠷ ᠲᠦᠪᠰᠢᠨ ᠬᠥᠭᠵᠢᠯᠲᠡ ᠶᠢ ᠦᠨᠡᠨ ᠬᠦ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 24 ᠤ ᠡᠳᠦᠷ᠂ ᠬᠥᠬᠡᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠬᠤᠷᠠᠯ ᠵᠢᠴᠢ 2024 ᠣᠨ ᠤ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠬᠤᠷᠢᠨᠭᠡᠷ ᠬᠤᠶᠠᠳᠤᠭᠠᠷ ᠬᠡᠤᠬᠡᠳ ᠤᠨ ᠴᠡᠴᠡᠷᠯᠢᠭ ᠲᠤ ᠵᠢᠩᠬᠢᠨᠢ ᠪᠠᠷ ᠡᠬᠢᠯᠡᠭᠦᠯᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠶᠠᠷᠢᠶ᠎ᠠ ᠲᠠᠯᠪᠢᠭᠰᠠᠨ ᠪᠥᠭᠡᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠣᠯ ᠡᠯ᠎ᠡ ᠱᠠᠲᠤᠨ ᠤ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠬᠠᠷᠢᠭᠤᠴᠠᠯᠭ᠎ᠠ ᠮᠥᠨ᠃ ᠪᠢᠳᠡ ᠡᠨᠡ ᠤᠳᠠᠭ᠎ᠠ ᠶᠢᠨ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠠᠴᠠ ᠨᠡᠶᠢᠲᠡᠯᠡᠭᠰᠡᠨ ︽3 - 6 ᠨᠠᠰᠤᠨ ᠤ ᠬᠡᠦᠬᠡᠳ ᠤᠨ ᠰᠤᠷᠤᠯᠴᠠᠯᠭ᠎ᠠ ᠪᠣᠯᠤᠨ ᠬᠥᠭᠵᠢᠯᠲᠡ ᠶᠢᠨ ᠵᠦᠭᠯᠡᠭᠦᠷ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠦᠭᠡᠮᠡᠯᠵᠢᠭᠦᠯᠬᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠨ ᠵᠢᠷᠤᠮᠵᠢᠭᠤᠯᠬᠤ ᠶᠢ  ᠦᠨᠡᠨᠬᠦ ᠠᠬᠢᠭᠤᠯᠵᠤ᠂ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠤᠯᠠᠨ ᠬᠡᠦᠬᠡᠳ ᠲᠤ ᠡᠷᠬᠡ ᠲᠡᠭᠰᠢ᠂ ᠰᠠᠶᠢᠨ ᠰᠠᠶᠢᠬᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠬᠦᠷᠲᠡᠭᠡᠵᠦ᠂ ᠠᠷᠠᠳ ᠤᠯᠠᠨ ᠤ ᠰᠡᠳᠬᠢᠯ ᠬᠠᠨᠤᠮᠵᠢᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠴᠡᠴᠡᠷᠯᠢᠭ ᠤᠨ ᠣᠷᠴᠢᠨ ᠲᠣᠭᠤᠷᠢᠨ ᠂ ᠭᠡᠷ ᠤᠨ ᠭᠠᠳᠠᠨᠠᠬᠢ ᠪᠡᠶ᠎ᠡ ᠪᠠᠨ ᠳᠠᠭᠠᠭᠠᠭᠰᠠᠨ ᠲᠣᠭᠯᠠᠭᠠᠮ᠂ ᠤᠨᠴᠠᠯᠢᠬᠳᠤ ᠬᠢᠴᠢᠶᠡᠯ ᠵᠡᠷᠭᠡ ᠲᠠᠯ᠎ᠠ ᠪᠠᠷ ᠬᠤᠷᠢᠨᠭᠡᠷ ᠰᠢᠶᠠᠨ ᠤ ᠬᠤᠶᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭ ᠲᠠᠢ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠵᠤ᠂ ᠬᠤᠷᠢᠨᠭᠡᠷ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠬᠡᠷᠡᠭᠵᠢᠭᠦᠯᠦᠭᠰᠡᠨ ︽ᠨᠡᠶᠢᠭᠡᠮ ᠤᠨ ᠪᠦᠯᠬᠦᠮ ᠤᠨ ᠣᠷᠣᠨ ᠪᠦᠰᠡ ᠶᠢᠨ ᠠᠵᠢᠯᠯᠠᠭ᠎ᠠ︾ ᠶᠢᠨ ᠤᠨᠴᠠᠯᠢᠭᠳᠤ ᠵᠢᠭᠠᠨ ᠰᠤᠷᠭᠠᠯᠲᠠ ᠶᠢᠨ ᠵᠠᠭᠪᠤᠷ ᠢ ᠭᠦᠢᠴᠡᠳ ᠨᠤᠲᠠᠯᠠᠪᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠤᠨ ᠲᠤᠷᠰᠢᠯᠭ᠎ᠠ ᠶᠢ ᠳᠡᠭᠡᠭᠰᠢᠯᠡᠭᠦᠯᠵᠦ ᠰᠣᠯᠢᠯᠴᠠᠬᠤ ᠬᠤᠷᠠᠯ ᠳᠡᠭᠡᠷ᠎ᠡ᠂ ᠬᠤᠲᠠ ᠶᠢᠨ ᠳᠥᠷᠪᠡᠨ ᠲᠣᠭᠤᠷᠢᠭ ᠵᠢᠴᠢ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠵᠢᠴᠢ ᠴᠡᠴᠡᠷᠯᠢᠭ ᠤᠨ ᠳᠠᠷᠤᠭ᠎ᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠲᠣᠰ ᠭᠠᠵᠠᠷ ᠣᠷᠣᠨ᠂ ᠴᠡᠴᠡᠷᠯᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠣᠨᠴᠠᠯᠢᠭ ᠲᠠᠢ ᠬᠢᠯᠠᠰ ᠴᠡᠭ ᠵᠢᠴᠢ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃      ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠬᠤᠲᠠ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠥᠬᠦᠳ᠂ ᠬᠡᠤᠬᠡᠳ ᠤᠨ ᠴᠡᠴᠡᠷᠯᠢᠭ ᠤᠨ ᠳᠠᠷᠤᠭ᠎ᠠ 100 ᠭᠠᠷᠤᠶ ᠬᠥᠮᠦᠨ ᠣᠷᠣᠯᠴᠠᠵᠠᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号