ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ 2024 ᠣᠨ ᠠᠴᠠ ᠡᠬᠢᠯᠡᠨ ᠮᠠᠨ ᠤ ᠣᠷᠣᠨ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ | ᠨᠢᠭᠡᠳᠦᠯᠲᠡᠢ ᠬᠤᠷᠢᠶᠠᠵᠤ ᠨᠢᠭᠡᠳᠦᠯᠲᠡᠢ ᠭᠠᠷᠭᠠᠬᠤ ᠶᠢ ᠪᠦᠭᠦ ᠲᠠᠯ᠎ᠠ ᠪᠠᠷ ᠪᠡᠶᠡᠯᠡᠭᠦᠯᠬᠦ ᠪᠣᠯᠣᠨ᠎ᠠ᠃ | ᠣᠳᠣᠬᠠᠨ ᠳᠤ᠂ ᠰᠠᠭᠤᠷᠢ ᠮᠥᠩᠭᠦ ᠶᠢᠨ ᠲᠣᠰ ᠬᠤᠭᠤᠴᠠᠭᠠᠨ ᠤ ᠡᠯ᠎ᠡ ᠵᠦᠢᠯ ᠤᠨ ᠣᠷᠣᠯᠭ᠎ᠠ ᠶᠢ ᠪᠦᠭᠦ | ᠲᠤᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ | ᠮᠥᠩᠭᠦ ᠶᠢᠨ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠭᠡ ᠳᠤ ᠴᠤᠭᠯᠠᠭᠤᠯᠵᠤ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠣᠯᠭᠤᠮᠵᠢ ᠵᠡᠷᠭᠡ ᠰᠠᠭᠤᠷᠢ ᠮᠥᠩᠭᠦ ᠶᠢᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ | ᠠᠴᠠ ᠨᠢᠭᠡᠳᠦᠯᠲᠡᠢ ᠬᠢᠨᠠᠨ ᠲᠣᠭᠲᠠᠭᠠᠵᠤ᠂ ᠨᠢᠭᠡᠳᠦᠯᠲᠡᠢ ᠰᠠᠯᠭᠠᠨ ᠥᠭᠴᠦ᠂ ᠣᠷᠣᠯᠭ᠎ᠠ ᠵᠠᠷᠤᠯᠭ᠎ᠠ ᠶᠢ ᠬᠤᠶᠠᠷ | ᠱᠤᠭᠤᠮ ᠢᠶᠠᠷ ᠪᠦᠭᠦ ᠲᠤᠭ᠎ᠠ ᠪᠠᠷ ᠲᠤᠰᠢᠶᠠᠵᠤ ᠥᠭᠬᠦ᠂ ᠨᠢᠭᠡᠳᠦᠯᠲᠡᠢ ᠬᠤᠷᠢᠶᠠᠵᠤ ᠨᠢᠭᠡᠳᠦᠯᠲᠡᠢ ᠭᠠᠷᠭᠠᠬᠤ ᠶᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠠᠭᠤᠷᠢ ᠮᠥᠩᠭᠦ ᠶᠢᠨ ᠬᠠᠮᠢᠶᠠᠷᠤᠯᠲᠠ ᠪᠣᠯᠣᠨ ᠣᠯᠭᠤᠮᠵᠢ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ | ᠣᠯᠭᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠠᠶᠢᠮᠠᠭ ᠬᠤᠳᠠ ᠳᠠᠭᠠᠳᠬᠠᠯ ᠳᠤ | ᠣᠷᠤᠯᠴᠠᠬᠤ ᠬᠡᠪᠴᠢᠶ᠎ᠡ ᠶᠢ ᠥᠷᠭᠡᠳᠬᠡᠬᠦ᠂ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠪᠠ ᠰᠠᠭᠤᠷᠢ ᠮᠥᠩᠭᠦ ᠶᠢ | ᠬᠠᠮᠢᠶᠠᠷᠬᠤ᠂ ᠣᠯᠭᠤᠮᠵᠢ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠵᠡᠷᠭᠡ ᠲᠠᠯ᠎ᠠ ᠶᠢᠨ ᠠᠵᠢᠯ ᠤᠨ | ᠬᠠᠷᠢᠭᠤᠴᠠᠯᠭ᠎ᠠ ᠶᠢ ᠭᠦᠢᠴᠡᠳᠬᠡᠨ᠎ᠡ᠃ | ᠣᠶᠢᠯᠠᠭᠠᠭᠰᠠᠨ ᠢᠶᠠᠷ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ | ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠭᠠᠷᠭᠠᠬᠤ ᠬᠠᠮᠢᠶᠠᠷᠤᠯᠲᠠ | ᠲᠡᠶᠢᠰᠢ ᠬᠤᠪᠢᠷᠠᠭᠤᠯᠬᠤ ᠳᠤ ᠪᠦᠭᠦ ᠣᠷᠣᠨ ᠤ ᠨᠢᠭᠡᠳᠦᠯᠲᠡᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠲᠥᠷᠥ ᠶᠢᠨ ᠪᠣᠳᠣᠯᠭ᠎ᠠ ᠪᠠᠷ ᠭᠤᠣᠯ ᠪᠤᠯᠭᠠᠵᠤ᠂ ᠰᠠᠭᠤᠷᠢ ᠮᠥᠩᠭᠦ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ | ᠨᠢᠭᠡᠳᠦᠯᠲᠡᠢ ᠣᠷᠣᠯᠭ᠎ᠠ ᠨᠢᠭᠡᠳᠦᠯᠲᠡᠢ ᠵᠠᠷᠤᠯᠭ᠎ᠠ ᠪᠠᠷ ᠰᠠᠭᠤᠷᠢ ᠪᠣᠯᠭᠠᠨ᠂ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠪᠠᠷ ᠬᠢᠵᠠᠭᠠᠷᠯᠠᠯ ᠪᠤᠯᠭᠠᠵᠤ᠂ ᠰᠠᠭᠤᠷᠢ ᠮᠥᠩᠭᠦ ᠶᠢᠨ ᠲᠥᠰᠥᠪ ᠤᠨ ᠬᠠᠮᠢᠶᠠᠷᠤᠯᠲᠠ ᠪᠠᠷ ᠠᠷᠭ᠎ᠠ ᠪᠠᠷᠢᠯ | ᠪᠣᠯᠭᠠᠨ᠂ ᠮᠡᠳᠡᠭᠡ ᠵᠠᠩᠭᠢ ᠶᠢᠨ ᠬᠠᠮᠢᠶᠠᠷᠤᠯᠲᠠ ᠪᠠ ᠭᠠᠷᠲᠠᠨ ᠭᠦᠢᠴᠡᠳᠬᠡᠬᠦ ᠬᠠᠮᠢᠶᠠᠷᠤᠯᠲᠠ ᠪᠠᠷ ᠲᠦᠰᠢᠭ | ᠪᠤᠯᠭᠠᠬᠤ ᠶᠢ ᠪᠡᠶᠡᠯᠡᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠥᠪᠡᠷᠲᠡᠭᠡᠨ ᠵᠠᠰᠠᠬᠤ | ᠣᠷᠣᠨ ᠤ ᠱᠠᠲᠤᠨ ᠤ ᠡᠷᠬᠡ ᠲᠡᠭᠰᠢ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠨᠢᠭᠡᠳᠦᠯᠲᠡᠢ ᠲᠥᠯᠥᠪᠯᠡᠬᠦ | ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠠᠭᠤᠷᠢ ᠮᠥᠩᠭᠦ ᠶᠢᠨ ᠤᠷᠳᠤ ᠬᠤᠭᠤᠴᠠᠭ᠎ᠠ ᠪᠠᠷ | ᠲᠣᠭᠲᠠᠭᠤᠨ ᠪᠥᠭᠡᠳ ᠠᠮᠤᠷ ᠲᠦᠪᠰᠢᠨ ᠠᠵᠢᠯᠯᠠᠬᠤ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠶᠢ ᠠᠪᠬᠤ | ᠬᠡᠷᠡᠭᠲᠡᠢ᠃ 2024 ᠣᠨ ᠤ ᠨᠢᠭᠡᠳᠦᠭᠡᠷ ᠤᠯᠠᠷᠢᠯ ᠳᠤ᠂ ᠪᠦᠭᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 4.43 ᠳ᠋ᠦᠩᠰᠢᠭᠤᠷ ᠲᠥᠭᠦᠷᠢᠭ᠂ ᠵᠠᠷᠤᠯᠭ᠎ᠠ 4.3 | ᠳ᠋ᠦᠩᠰᠢᠭᠤᠷ ᠲᠥᠭᠦᠷᠢᠭ ᠪᠠᠶᠢᠵᠤ᠂ ᠪᠦᠭᠦ ᠣᠷᠣᠨ ᠤ 1.49 ᠲᠦᠮᠡᠨ ᠬᠥᠮᠥᠨ ᠤ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠡᠶᠡᠯᠡᠭᠦᠯᠪᠡ᠃ |