ᠬᠤᠷᠢᠨᠭᠡᠷ ᠰᠢᠶᠠᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠡᠳᠦᠷ ᠵᠢᠴᠢ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ —— ᠤᠳᠬ᠎ᠠ ᠤᠷᠠᠯᠢᠭ ᠤᠨ ᠬᠢᠨ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/28
 
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠦᠨᠳᠦᠰᠦᠯᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠤᠰᠠᠳᠠ᠂ 11 ᠳ᠋ᠣᠭᠡᠷ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠡᠳᠦᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 23 ᠤ ᠡᠳᠦᠷ᠂ ᠬᠤᠷᠢᠨᠭᠡᠷ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠨᠢ ᠰᠢᠶᠠᠨ ᠤ ᠣᠶᠤᠨ ᠤ ᠪᠣᠯᠪᠠᠰᠤᠨ ᠤ ᠠᠯᠪᠠᠨ ᠬᠡᠷ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠢᠶᠠᠨ ᠤ ᠤᠯᠠᠭᠠᠨᠮᠥ᠋ᠴᠢᠷ᠂ ᠰᠢᠶᠠᠨ ᠤ ᠵᠣᠬᠢᠶᠠᠯᠴᠢᠳ ᠤᠨ ᠨᠡᠶᠢᠭᠡᠮᠯᠢᠭ ᠵᠡᠷᠭᠡ ᠨᠢᠭᠡᠴᠢ ᠲᠠᠢ ᠬᠠᠮᠲᠤᠷᠠᠨ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠵᠦ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠡᠳᠦᠷ ᠵᠢᠴᠢ ︽ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ︾ ——ᠤᠳᠬ᠎ᠠ ᠤᠷᠠᠯᠢᠭ ᠤᠨ ᠬᠢᠨ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠶᠢ ᠤᠳᠬ᠎ᠠ ᠤᠷᠠᠯᠢᠭ ᠤᠨ ᠪᠣᠯᠪᠠᠰᠤᠷᠠᠭᠤᠯᠤᠯ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ ᠭᠤᠷᠪᠠᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠡᠯᠪᠡᠷᠢ ᠪᠠᠷ ᠥᠷᠨᠢᠭᠦᠯᠪᠡ᠃ ᠴᠧᠩ ᠭᠤᠸᠠᠨ ᠪᠠᠯᠭᠠᠰᠤᠨ ᠤ ᠡᠯ ᠳ᠋ᠤᠤ ᠾᠧ ᠲᠣᠰᠬᠤᠨ ᠤ ᠰᠣᠶᠣᠯ ᠤᠨ ᠠᠵᠢᠯᠯᠠᠭᠠᠨ ᠤ ᠲᠠᠰᠤᠭ ᠲᠤ᠂ ᠤᠳᠬ᠎ᠠ ᠤᠷᠠᠯᠢᠭ ᠤᠨ ᠪᠣᠯᠪᠠᠰᠤᠷᠠᠭᠤᠯᠤᠯ ᠤᠨ ᠦᠢᠯᠡᠴᠢᠯᠡᠭᠡᠨ ᠤ ᠪᠠᠭ᠎ᠠ ᠠᠩᠬᠢ ᠶᠢᠨ ᠶᠠᠩᠭᠠᠷ ᠤᠨ ᠲᠤᠰᠬᠠᠢ ᠮᠡᠷᠭᠡᠵᠢᠯ ᠤᠨ ᠪᠠᠭᠰᠢ ᠳᠤ᠂ ᠲᠤᠬᠠᠢ ᠶᠢᠨ ᠭᠠᠵᠠᠷ ᠤᠨ ᠶᠠᠩᠭᠠᠷ ᠤᠨ ᠪᠠᠭ᠋ᠠᠲᠠᠳ ᠢ ᠲᠤᠬᠠᠢ ᠶᠢᠨ ᠲᠠᠯᠠᠪᠠᠢ ᠳᠤ ᠵᠢᠱᠢᠶ᠎ᠡ ᠦᠵᠡᠭᠦᠯᠬᠦ ᠵᠢᠯᠤᠭᠤᠳᠤᠯᠭ᠎ᠠ ᠬᠢᠵᠦ᠂ ᠲᠤᠬᠠᠢ ᠶᠢᠨ ᠲᠠᠯᠠᠪᠠᠢ ᠳᠤ ᠪᠠᠶᠢᠭᠰᠠᠨ ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃      ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠦᠢᠯᠡᠴᠢᠯᠡᠭᠡᠨ ᠤ ᠪᠠᠭ᠎ᠠ ᠰᠠᠯᠪᠤᠷᠢ ᠠᠩᠭᠢ ᠤᠷᠢᠳ ᠬᠤᠵᠢᠳ ᠳ᠋ᠦᠩ ᠭᠧᠤ ᠽᠢ ᠲᠣᠰᠬᠤᠨ᠂ ᠰᠢᠶᠤᠤ ᠨᠠᠨ ᠭᠸᠤ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠴᠠᠷᠭᠢᠯ ᠬᠤᠯᠪᠣᠭ᠎ᠠ᠂ ᠭᠤᠷᠪᠠᠨ ᠥᠭᠦᠯᠡᠪᠦᠷᠢ ᠬᠠᠭᠠᠰ ᠵᠡᠷᠭᠡ ᠤᠳᠬ᠎ᠠ ᠤᠷᠠᠯᠢᠭ ᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠲᠤᠰᠬᠠᠭᠰᠠᠨ ᠤᠳᠬ᠎ᠠ ᠤᠷᠠᠯᠢᠭ ᠤᠨ ᠪᠦᠲᠦᠭᠡᠯ ᠢ ᠨᠠᠶᠢᠷᠠᠭᠤᠯᠤᠨ ᠵᠣᠬᠢᠶᠠᠵᠤ᠂ ᠤᠯᠠᠨ ᠲᠦᠮᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠠᠢ᠃      ᠱᠧᠩ ᠯᠢ ᠶᠢᠩ ᠲᠣᠰᠬᠤᠨ ᠤ ᠵᠢᠵᠢᠭ ᠠᠭᠤᠳᠠᠮ ᠲᠠᠯᠠᠪᠠᠢ ᠳᠤ᠂ ᠤᠷᠠᠨ ᠰᠠᠶᠢᠬᠠᠨ ᠤ ᠲᠣᠭᠯᠠᠯᠲᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠤᠯᠠᠭᠠᠨᠮᠥ᠋ᠴᠢᠷ ᠤᠨ ᠱᠠᠨ ᠰᠢ ᠵᠦᠴᠦᠭᠡ᠂ ᠡᠯ ᠷᠧᠨ ᠲᠠᠢ ︽ᠬᠠᠳᠠᠮ ᠡᠵᠢ︾ ᠶᠢᠨ ᠲᠣᠭᠯᠠᠯᠲᠠ ᠪᠠᠷ ᠭᠤᠣᠯ ᠪᠣᠯᠭᠠᠵᠤ᠂ ᠲᠣᠰᠬᠤᠨ ᠤ ᠠᠷᠠᠳ ᠢ ᠲᠣᠰᠬᠤᠨ ᠠᠴᠠ ᠭᠠᠷᠬᠤ ᠦᠭᠡᠢ ᠪᠠᠷ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠭᠤᠯᠵᠤ᠂ ᠲᠤᠬᠠᠢ ᠶᠢᠨ ᠲᠠᠯᠠᠪᠠᠢ ᠳᠤ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠪᠠᠶᠢᠨ ᠪᠠᠶᠢᠨ ᠣᠯᠪᠠ᠃      ᠠᠵᠢᠯᠯᠠᠭ᠎ᠠ ᠶᠢᠨ ᠡᠴᠦᠰ ᠲᠤ᠂ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ ᠤᠨ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠶᠢᠨ ᠲᠥᠯᠥᠭᠡ᠂ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠴᠧᠩ ᠭᠤᠸᠠᠨ ᠪᠠᠯᠭᠠᠰᠤ ᠯᠤᠭ᠎ᠠ ᠬᠤᠷᠢᠨᠭᠡᠷ ᠰᠢᠶᠠᠨ ᠤ ︽ᠰᠣᠶᠣᠯ ᠢ ᠴᠡᠴᠡᠭᠯᠡᠭᠦᠯᠦᠨ ᠬᠥᠭᠵᠢᠭᠦᠯᠵᠦ ᠪᠣᠯᠪᠠᠰᠤᠨ ᠢ ᠬᠠᠮᠲᠤ ᠪᠠᠷ ᠪᠠᠶᠢᠭᠤᠯᠬᠤ︾ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号