ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠠᠷᠠᠭᠠᠰᠤᠨ ᠳᠠᠬᠢ ᠤᠮᠠᠷᠠᠲᠤ ᠶᠢᠨ ᠣᠯᠠᠨ ᠬᠡᠯᠡᠨ ᠤ ᠲᠤᠯᠭᠤᠷ ᠪᠢᠴᠢᠭ ᠤᠨ ᠰᠤᠳᠤᠯᠭᠠᠨ ᠤ ᠰᠤᠳᠤᠯᠤᠨ ᠶᠠᠷᠢᠯᠴᠠᠬᠤ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠣᠯᠠᠨ ᠬᠡᠯᠡᠨ ᠤ ᠲᠤᠯᠭᠤᠷ ᠪᠢᠴᠢᠭ ᠰᠤᠳᠤᠯᠬᠤ ᠭᠠᠵᠠᠷ ᠠᠴᠠ ᠭᠤᠣᠯᠯᠠᠨ ᠡᠷᠬᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠠᠷᠠᠭᠠᠰᠤᠨ ᠳᠠᠬᠢ ᠤᠮᠠᠷᠠᠲᠤ ᠶᠢᠨ ᠣᠯᠠᠨ ᠬᠡᠯᠡᠨ ᠤ ᠲᠤᠯᠭᠤᠷ ᠪᠢᠴᠢᠭ ᠤᠨ ᠰᠤᠳᠤᠯᠭᠠᠨ ᠤ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠡᠬᠢᠯᠡᠪᠡ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠨᠠᠨᠵᠢᠩ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠬᠠᠭᠠᠨ ᠤ ᠣᠷᠳᠣᠨ ᠤ ᠮᠦᠽᠧᠶ᠂ ᠳᠤᠮᠳᠠᠳᠤ ᠤᠯᠤᠰ ᠤᠨ ᠲᠥᠪᠡᠳ ᠰᠤᠳᠤᠯᠤᠯ ᠤᠨ ᠲᠥᠪ᠂ ᠳᠤᠮᠳᠠᠳᠤ ᠤᠯᠤᠰ ᠤᠨ ᠨᠢᠭᠡᠳᠦᠭᠡᠷ ᠲᠡᠦᠬᠡ ᠶᠢᠨ ᠲᠠᠩᠰᠠ ᠡᠪᠬᠡᠮᠡᠯ ᠤᠨ ᠣᠷᠳᠣᠨ ᠵᠡᠷᠭᠡ 40 ᠭᠠᠷᠤᠶ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ 100 ᠭᠠᠷᠤᠶ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠯ ᠳᠤ ᠣᠷᠣᠯᠴᠠᠵᠤ ᠦᠭᠡ ᠬᠡᠯᠡᠪᠡ᠃      ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠭᠰᠡᠨ ᠨᠢ ᠤᠮᠠᠷᠠᠲᠤ ᠶᠢᠨ ᠣᠯᠠᠨ ᠲᠥᠷᠥᠯ ᠤᠨ ᠬᠡᠯᠡᠨ ᠤ ᠲᠤᠯᠭᠤᠷ ᠪᠢᠴᠢᠭ ᠤᠨ ᠮᠠᠲ᠋ᠧᠷᠢᠶᠠᠯ ᠢ ᠠᠭᠤᠳᠠᠯᠬᠤ᠂ ᠴᠤᠭᠯᠠᠭᠤᠯᠬᠤ᠂ ᠡᠮᠬᠢᠳᠭᠡᠬᠦ ᠪᠠ ᠰᠤᠳᠤᠯᠬᠤ ᠠᠯᠢ ᠣᠯᠠᠨ ᠠᠰᠠᠭᠤᠳᠠᠯ ᠤᠨ ᠲᠣᠭᠤᠷᠢᠨ ᠳᠤ ᠡᠷᠳᠡᠮ ᠰᠢᠨᠵᠢᠯᠡᠭᠡᠨ ᠤ ᠰᠤᠳᠤᠯᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠢ ᠬᠤᠪᠢᠶᠠᠯᠴᠠᠨ᠂ ᠬᠤᠶᠢᠰᠢᠳᠠ ᠶᠢᠨ ᠬᠥᠭᠵᠢᠯᠲᠡ ᠶᠢᠨ ᠬᠠᠨᠳᠤᠰᠢ ᠪᠠ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠡᠭᠦᠨ ᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠶᠢ ᠠᠭᠤᠳᠠᠯᠵᠤ᠂ ᠮᠠ ᠶᠢᠨ ᠤᠯᠤᠰ ᠤᠨ ᠤᠮᠠᠷᠠᠲᠤ ᠣᠷᠣᠨ ᠤ ᠣᠯᠠᠨ ᠬᠡᠯᠡᠨ ᠤ ᠲᠤᠯᠭᠤᠷ ᠪᠢᠴᠢᠭ ᠢ ᠨᠡᠭᠡᠭᠡᠨ ᠠᠰᠢᠭᠯᠠᠬᠤ ᠶᠢ ᠠᠬᠢᠭᠤᠯᠬᠤ ᠳᠤ ᠡᠷᠳᠡᠮ ᠰᠢᠨᠵᠢᠯᠡᠭᠡᠨ ᠤ ᠬᠦᠴᠦᠲᠡᠶ ᠳᠡᠮᠵᠢᠯᠭᠡ ᠬᠠᠩᠭᠠᠬᠤ ᠶᠢᠨ ᠲᠥᠯᠥᠭᠡ ᠶᠤᠮ᠃ ᠤᠮᠠᠷᠠᠲᠤ ᠶᠢᠨ ᠣᠯᠠᠨ ᠬᠡᠯᠡᠨ ᠤ ᠲᠤᠯᠭᠤᠷ ᠪᠢᠴᠢᠭ ᠤᠨ ᠮᠠᠲ᠋ᠧᠷᠢᠶᠠᠯ ᠢ ᠠᠭᠤᠳᠠᠯᠤᠨ ᠡᠮᠬᠢᠳᠭᠡᠬᠦ ᠪᠠ ᠰᠤᠳᠤᠯᠬᠤ ᠪᠣᠯ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠣᠨᠴᠠᠯᠢᠭ ᠪᠠ ᠬᠢᠯᠠᠰ ᠴᠡᠭ ᠪᠣᠯᠤᠨ᠎ᠠ᠃ ᠥᠪᠥᠷ ᠮᠣᠩᠭᠤᠯ ᠳᠤ ᠡᠯᠪᠡᠭ ᠪᠠᠶᠠᠯᠢᠭ ᠤᠯᠠᠨ ᠲᠦᠷᠦᠯ ᠤᠨ ᠬᠡᠯᠡᠨ ᠤ ᠲᠤᠯᠭᠤᠷ ᠪᠢᠴᠢᠭ ᠤᠨ ᠮᠠᠲ᠋ᠧᠷᠢᠶᠠᠯ ᠲᠠᠢ ᠪᠠᠶᠢᠵᠤ᠂ ᠤᠮᠠᠷᠠᠲᠤ ᠶᠢᠨ ᠤᠯᠠᠨ ᠲᠦᠷᠦᠯ ᠤᠨ ᠬᠡᠯᠡᠨ ᠤ ᠲᠡᠦᠬᠡ ᠶᠢᠨ ᠲᠤᠯᠭᠤᠷ ᠪᠢᠴᠢᠭ ᠢ ᠰᠤᠳᠤᠯᠬᠤ ᠬᠤᠪᠣᠷ ᠨᠠᠨᠳᠢᠨ ᠡᠬᠢ ᠪᠠᠶᠠᠯᠢᠭ ᠮᠥᠨ᠂ ᠪᠠᠰᠠ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠴᠢᠶᠠᠯᠠᠪᠤᠷᠢ ᠪᠠ ᠲᠡᠦᠬᠡᠨ ᠮᠠᠲ᠋ᠧᠷᠢᠶᠠᠯ ᠪᠤᠯᠤᠨ᠎ᠠ᠃      ᠲᠣᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠭᠤᠷᠪᠠᠨ ᠬᠤᠪᠢᠶᠠᠷᠢ ᠬᠤᠷᠠᠯ ᠤᠨ ᠲᠠᠯᠠᠪᠠᠶ ᠬᠤᠪᠢᠶᠠᠵᠤ᠂ ᠭᠤᠤᠯᠳᠠᠭᠤ ︽ᠣᠯᠠᠨ ᠲᠦᠷᠦᠯ ᠤᠨ ᠬᠡᠯᠡᠨ ᠤ ᠡᠷᠲᠡᠨ ᠤ ᠨᠣᠮ ᠪᠢᠴᠢᠭ᠂ ᠲᠠᠩᠰᠠ ᠡᠪᠬᠡᠮᠡᠯ᠂ ᠠᠯᠲᠠᠨ ᠴᠢᠯᠠᠭᠤᠨ ᠬᠥᠰᠢᠶ᠎ᠡ ᠰᠡᠶᠢᠯᠦᠮᠡᠯ ᠤᠨ ᠲᠤᠯᠭᠤᠷ ᠪᠢᠴᠢᠭ ᠢ ᠴᠤᠭᠯᠠᠭᠤᠯᠤᠨ ᠡᠮᠬᠢᠳᠭᠡᠬᠦ ᠪᠠ ᠴᠠᠭ ᠦᠶ᠎ᠡ ᠶᠢᠨ ᠥᠷᠲᠡᠭ ᠤᠨ ᠲᠤᠬᠠᠶ ᠰᠤᠳᠤᠯᠤᠨ ᠶᠠᠷᠢᠯᠴᠠᠭ᠎ᠠ᠂ ︽ᠣᠯᠠᠨ ᠲᠦᠷᠦᠯ ᠬᠡᠯᠡᠨ ᠤ ᠲᠤᠯᠭᠤᠷ ᠪᠢᠴᠢᠭ ᠲᠤ ᠬᠠᠷᠠᠭᠤᠯᠤᠭᠰᠠᠨ ᠤᠮᠠᠷᠠᠲᠤ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠰᠤᠳᠤᠯᠭᠠᠨ︾᠂ ︽ᠮᠣᠩᠭᠤᠯ ᠲᠥᠪᠡᠳ ᠤᠨ ᠠᠨᠠᠭᠠᠬᠤ ᠤᠬᠠᠭᠠᠨ ᠤ ᠲᠤᠯᠭᠤᠷ ᠪᠢᠴᠢᠭ︾ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号