ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠢᠯᠡᠷᠡᠭᠦᠯᠵᠦ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ —— ᠬᠤᠷᠢᠨᠭᠡᠷ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ︽ᠢᠲᠡᠭᠡᠮᠵᠢᠲᠦ ᠵᠢᠭᠡᠯᠡᠯᠭᠡ︾ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ ᠠᠵᠤ ᠠᠬᠤᠶᠢᠯᠠᠯ ᠤᠨ ᠬᠥᠭᠵᠢᠯᠲᠡ ᠳᠤ ︽ᠢᠲᠡᠭᠡᠮᠵᠢ ᠶᠢᠨ ᠬᠥᠳᠡᠯᠭᠡᠬᠦ ᠬᠦᠴᠦᠨ︾ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/31
     ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠢ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠮᠠᠨ ᠤ ᠰᠢᠶᠠᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ 5 ᠰᠠᠷ᠎ᠠ ᠶᠢᠨ 28 ᠤ ᠡᠳᠦᠷ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠱᠧᠩ ᠯᠧ ᠠᠭᠤᠳᠠᠮ ᠲᠠᠯᠠᠪᠠᠶ ᠳᠤ ︽ᠢᠲᠡᠭᠡᠮᠵᠢᠲᠦ ᠵᠢᠭᠡᠯᠡᠯᠭᠡ︾ ᠶᠢᠨ ᠲᠠᠪᠴᠠᠩ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ︽ᠢᠲᠡᠭᠡᠮᠵᠢ ᠲᠠᠢ ᠪᠣᠯ ᠵᠢᠭᠡᠯᠡᠯᠭᠡ ᠣᠯᠭᠤᠬᠤ︾ ᠲᠠᠪᠴᠠᠩ ᠨᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ ᠲᠦᠰᠢᠭᠯᠡᠨ᠂ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠳᠤᠲᠠᠭᠳᠠᠬᠤ᠂ ᠪᠠᠩᠬᠢ ᠠᠵᠤ ᠠᠬᠤᠶᠢᠯᠠᠯ ᠤᠨ ᠮᠡᠳᠡᠭᠡ ᠵᠠᠩᠭᠢ ᠲᠡᠭᠰᠢ ᠬᠡᠮ ᠦᠭᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠮᠵᠢᠯᠠᠯᠲᠤ ᠢᠲᠡᠭᠡᠮᠵᠢᠲᠦ ᠵᠢᠭᠡᠯᠡᠯᠭᠡ ᠶᠢ ᠬᠢᠨᠠᠨ ᠲᠣᠭᠲᠠᠭᠠᠬᠤ ᠵᠠᠭᠪᠤᠷ ᠢ ᠡᠪᠳᠡᠵᠦ᠂ ᠢᠲᠡᠭᠡᠮᠵᠢ ᠶᠢᠨ ᠲᠣᠮᠣ ᠳ᠋ᠠᠶᠢᠲ᠋ᠠ ᠪᠠᠷ ᠳᠠᠮᠵᠢᠭᠤᠯᠤᠨ ᠪᠠᠩᠬᠢ ᠶᠢᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ᠂ ᠲᠦᠭᠵᠢᠷᠡᠯ ᠲᠠᠢ ᠭᠠᠵᠠᠷ ᠪᠠ ᠡᠪᠡᠷᠰᠢᠶᠡᠯ ᠢ ᠨᠡᠪᠲᠡᠷᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠢᠲᠡᠭᠡᠮᠵᠢ ᠲᠠᠢ ᠪᠣᠯ ᠵᠢᠭᠡᠯᠡᠯᠭᠡ ᠣᠯᠭᠤᠬᠤ︾ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠲᠠᠶᠢᠯᠤᠮᠵᠢ ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠪᠠᠩᠬᠢ ᠶᠢᠨ ᠲᠣᠣᠷ ᠴᠡᠭ᠂ ᠦᠢᠯᠡᠴᠢᠯᠡᠭᠡᠨ ᠤ ᠬᠠᠯᠠᠮᠰᠢᠯ ᠤᠲᠠᠰᠤ᠂ ᠰᠠᠯᠠᠭ᠎ᠠ ᠮᠥᠴᠢᠷ ᠪᠣᠯᠤᠨ ᠨᠢᠭᠡᠴᠢ ᠶᠢᠨ ᠠᠯᠪᠠᠨ ᠰᠦᠯᠵᠢᠶ᠎ᠡ ᠂ ᠸᠢᠴᠠᠲ ᠲᠠᠪᠴᠠᠩ ᠵᠡᠷᠭᠡ ᠠᠷᠭ᠎ᠠ ᠵᠠᠮ ᠪᠣᠯᠤᠨ ᠠᠷᠭ᠎ᠠ ᠬᠡᠯᠪᠡᠷᠢ ᠪᠠᠷ ︽ᠢᠲᠡᠭᠡᠮᠵᠢ ᠲᠠᠢ ᠪᠣᠯ ᠵᠢᠭᠡᠯᠡᠯᠭᠡ ᠣᠯᠭᠤᠬᠤ︾ ᠲᠠᠪᠴᠠᠩ ᠳᠤ ᠪᠦᠬᠦ ᠲᠠᠯ᠎ᠠ ᠶᠢᠨ ᠤᠬᠠᠭᠤᠯᠭ᠎ᠠ ᠬᠢᠵᠦ᠂ ᠠᠵᠤ ᠠᠬᠤᠶᠢᠯᠠᠯ ᠤᠨ ︽ᠢᠲᠡᠭᠡᠮᠵᠢ ᠲᠠᠢ ᠪᠣᠯ ᠵᠢᠭᠡᠯᠡᠯᠭᠡ ᠣᠯᠭᠤᠬᠤ︾ ᠲᠤᠬᠠᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠲᠡᠯᠢᠭ ᠬᠡᠷᠡᠭ ᠤᠨ ᠵᠢᠱᠢᠶ᠎ᠡ ᠪᠠ ᠲᠣᠪᠤᠶᠢᠮ᠎ᠠ ᠦᠷ᠎ᠡ ᠪᠦᠲᠦᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠨᠡᠶᠢᠭᠡᠮ ᠳᠠᠶᠠᠭᠠᠷ ᠲᠤ ︽ᠢᠲᠡᠭᠡᠮᠵᠢ ᠲᠠᠢ ᠪᠠᠶᠢᠵᠤ ᠠᠰᠢᠭ ᠬᠦᠷᠲᠡᠵᠦ ᠂ ᠢᠲᠡᠭᠡᠮᠵᠢ ᠲᠠᠢ ᠪᠣᠯ ᠦᠨ᠎ᠡ ᠪᠡᠨ᠎ᠡ ᠲᠠᠢ ᠪᠠᠶᠢᠬᠤ︾ ᠥᠷᠲᠡᠭ ᠤᠨ ᠤᠳᠤᠷᠢᠳᠤᠮᠵᠢ ᠶᠢ ᠪᠣᠶ ᠪᠣᠯᠭᠠᠵᠤ᠂ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号