ᠬᠠᠶᠢᠷ᠎ᠠ ᠬᠠᠯᠠᠮᠵᠢ ᠪᠠᠷ ᠳᠠᠯᠠᠪᠴᠢ ᠪᠣᠯᠭᠠᠨ ᠬᠠᠶᠢᠷ᠎ᠠ ᠶᠢᠨ ᠬᠦᠰᠡᠯ ᠳᠤ ᠬᠠᠷᠰᠢ ᠦᠭᠡᠢ —— ᠬᠤᠷᠢᠨᠭᠡᠷ ᠰᠢᠶᠠᠨ ︽ᠵᠢᠭᠦᠷ ᠤᠷᠭᠤᠭᠤᠯᠬᠤ ᠲᠥᠯᠥᠪᠯᠡᠭᠡ︾ ᠶᠢᠨ ᠰᠢᠭᠰᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/5/31
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ︽ᠵᠢᠭᠦᠷ ᠤᠷᠭᠤᠭᠤᠯᠬᠤ ᠲᠥᠯᠥᠪᠯᠡᠭᠡ︾ ᠶᠢᠨ ᠲᠥᠷᠥᠯ ᠵᠦᠢᠯ ᠤᠨ ᠰᠢᠭᠰᠢᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠬᠦᠴᠢᠷᠳᠡᠯ ᠳᠤ ᠲᠤᠯᠭᠠᠷᠠᠭᠰᠠᠨ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠪᠡ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠱᠧᠩ ᠯᠧ ᠬᠥᠯ ᠪᠥᠮᠪᠦᠭᠡ ᠶᠢᠨ ᠰᠤᠷᠭᠠᠭᠤᠯᠢ ᠶᠢ ᠢᠳᠡᠪᠬᠢᠲᠡᠶ ᠵᠣᠬᠢᠴᠠᠭᠤᠯᠵᠤ᠂ 3 ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠭᠤᠷᠪᠠᠨ ᠡᠳᠦᠷ ᠤᠨ ᠬᠤᠭᠤᠴᠠᠭ᠎ᠠ ᠲᠠᠢ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ᠃      ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠣᠠ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠣᠰᠬᠠᠢ ᠮᠡᠷᠭᠡᠵᠢᠯᠲᠡᠨ ᠴᠢᠩᠨᠠᠨ ᠣᠨᠣᠰᠢᠯᠠᠬᠤ ᠪᠠ ᠵᠢᠷᠦᠬᠡᠨ ᠤ ᠪᠣᠳᠤᠭ ᠤᠨ ᠬᠡᠳᠦ ᠳᠣᠯᠭᠢᠶᠠᠨ ᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠳᠠᠮᠵᠢᠨ ᠬᠡᠦᠬᠡᠳ ᠪᠠᠭᠠᠴᠤᠳ ᠢ ᠣᠨᠣᠰᠢᠯᠠᠵᠤ᠂ ᠨᠥᠬᠦᠴᠡᠯ ᠳᠤ ᠨᠡᠶᠢᠴᠡᠵᠦ ᠪᠠᠶᠢᠭ᠎ᠠ ᠡᠪᠡᠳᠴᠢᠯᠡᠭᠰᠡᠨ ᠬᠡᠦᠬᠡᠳ ᠤᠳ ᠢ ᠨᠠᠷᠢᠨ ᠨᠢᠮᠪᠠᠢ ᠠᠰᠠᠭᠤᠪᠠ᠃ ᠨᠡᠶᠢᠲᠡ 2482 ᠬᠡᠤᠬᠡᠳ ᠲᠤ ᠰᠢᠭᠰᠢᠨ ᠪᠠᠶᠢᠴᠠᠭᠠᠯᠲᠠ ᠬᠢᠵᠦ᠂ ᠲᠥᠷᠥᠯᠬᠢ ᠵᠢᠷᠦᠬᠡᠨ ᠡᠪᠡᠳᠴᠢᠨ ᠲᠠᠢ 2 ᠬᠡᠦᠬᠡᠳ ᠢ ᠮᠡᠰᠡ ᠵᠠᠰᠠᠯ ᠤᠨ ᠵᠢᠭᠠᠯᠲᠠ ᠳᠤ ᠨᠡᠶᠢᠴᠡᠭᠦᠯᠵᠦ᠂ 2 ᠬᠡᠤᠬᠡᠳ ᠲᠤ ᠤᠯᠠᠮ ᠨᠢᠭᠡ ᠠᠯᠬᠤᠮ ᠪᠠᠶᠢᠴᠠᠭᠠᠯᠲᠠ ᠬᠢᠬᠦ ᠴᠢᠬᠤᠯᠠᠲᠠᠶ ᠪᠠᠶᠢᠬᠤ ᠶᠢ ᠪᠠᠶᠢᠴᠠᠭᠠᠨ ᠭᠠᠷᠭᠠᠪᠠ᠃ ᠠᠵᠢᠯᠲᠠᠳ ︽ᠵᠢᠭᠦᠷ ᠤᠷᠭᠤᠭᠤᠯᠬᠤ ᠲᠥᠯᠥᠪᠯᠡᠭᠡ︾ ᠶᠢᠨ ᠲᠥᠷᠥᠯ ᠵᠦᠢᠯ ᠤᠨ ᠭᠤᠶᠤᠴᠢᠯᠠᠯ᠂ ᠬᠢᠨᠠᠨ ᠬᠠᠷᠭᠤᠭᠤᠯᠬᠤ ᠵᠢᠴᠢ ᠮᠡᠰᠡ ᠵᠠᠰᠠᠯ ᠤᠨ ᠶᠠᠪᠤᠴᠠ ᠶᠢ ᠲᠠᠨᠢᠯᠴᠠᠭᠤᠯᠵᠤ᠂ ᠲᠡᠳᠡᠨ ᠤ ᠠᠯᠢ ᠲᠦᠷᠭᠡᠨ ᠢᠶᠠᠷ ᠮᠡᠰᠡ ᠵᠠᠰᠠᠯ ᠤᠨ ᠡᠮᠴᠢᠯᠡᠭᠡ ᠬᠢᠵᠦ᠂ ᠡᠷᠡᠭᠦᠯᠵᠢᠬᠦ ᠳᠤ ᠲᠥᠬᠦᠮ ᠪᠣᠯᠭᠠᠪᠠ᠃      ᠠᠵᠢᠯᠯᠠᠭ᠎ᠠ ᠶᠢ ᠥᠷᠨᠢᠭᠦᠯᠦᠭᠰᠡᠨ ᠨᠢ ᠲᠥᠷᠥᠯᠬᠢ ᠵᠢᠷᠦᠬᠡᠨ ᠡᠪᠡᠳᠴᠢᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠦᠲᠦᠮᠵᠢᠲᠡᠶ ᠬᠠᠪᠰᠤᠷᠤᠨ ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠵᠤ᠂ ᠡᠷᠲᠡ ᠠᠰᠢᠭ ᠭᠥᠷᠳᠡᠵᠦ᠂ ᠡᠪᠡᠳᠴᠢᠲᠡᠨ ᠤ ᠬᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠪᠡᠳᠴᠢᠨ ᠳᠤ ᠨᠡᠷᠪᠡᠭᠳᠡᠭᠰᠡᠨ ᠬᠡᠤᠬᠡᠳ ᠲᠤ ᠳᠠᠬᠢᠨ ᠡᠷᠡᠭᠦᠯ ᠰᠠᠷᠠᠭᠤᠯ ᠬᠦᠰᠡᠯ ᠡᠷᠡᠮᠡᠯᠵᠡᠯ ᠢ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠲᠥᠷᠥᠯᠬᠢ ᠵᠢᠷᠦᠬᠡᠨ ᠡᠪᠡᠳᠴᠢᠨ ᠲᠠᠢ ᠬᠡᠤᠬᠡᠳ ᠢ ᠬᠠᠪᠰᠤᠷᠤᠨ ᠡᠪᠡᠳᠴᠢᠨ ᠡᠮᠭᠡᠭ᠂ ᠡᠷᠡᠭᠦᠯ ᠢᠶᠠᠷ ᠦᠰᠦᠨ ᠪᠤᠶᠢᠵᠢᠬᠤ ᠶᠢ ᠬᠠᠪᠰᠤᠷᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠸᠢᠴᠠᠲ ᠲᠠᠪᠴᠠᠩ huoli-helingeer
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号