ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠰᠤᠯᠠ ᠢᠳᠡᠭᠡᠨ ᠤ ᠳᠡᠯᠭᠡᠭᠦᠷ | ᠪᠠ ᠢᠳᠡᠭᠡᠨ ᠤ ᠵᠠᠳᠠᠭᠠᠢ ᠳᠡᠯᠭᠡᠭᠦᠷ︵ᠳᠣᠷᠣᠭᠰᠢ ︽ᠳᠥᠷᠪᠡᠨ ᠵᠢᠵᠢᠭ ᠭᠤᠣᠯ ᠴᠣᠭᠴᠠ︾ ᠭᠡᠵᠦ ᠲᠣᠪᠴᠢᠯᠠᠨ᠎ᠠ︶ ᠨᠢ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠴᠢᠬᠤᠯᠠ ᠭᠡᠯᠪᠡᠷᠢ ᠪᠣᠯᠤᠭᠰᠠᠨ ᠤ ᠬᠤᠪᠢ ᠳᠤ᠂ ᠠᠷᠠᠳ ᠣᠯᠠᠨ ᠤ | ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠨᠢᠭᠲᠠ ᠬᠤᠯᠪᠤᠭ᠎ᠠ ᠲᠠᠢ ᠶᠤᠮ᠃ | ᠣᠶᠢᠷ᠎ᠠ ᠳᠤ᠂ ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠤ ᠬᠤᠳᠠᠯᠳᠤᠭᠠᠨ ᠤ ᠠᠵᠢᠯᠯᠠᠭ᠎ᠠ ᠶᠢ | ᠵᠢᠷᠤᠮᠵᠢᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠰᠤᠯᠠ | ᠢᠳᠡᠭᠡᠨ ᠤ ᠳᠡᠯᠭᠡᠭᠦᠷ ᠪᠠ ᠢᠳᠡᠭᠡᠨ ᠤ ᠵᠠᠳᠠᠭᠠᠢ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ | ︽ᠳᠦᠷᠢᠮ︾ ᠭᠡᠵᠦ ᠲᠣᠪᠴᠢᠯᠠᠨ᠎ᠠ︶ ᠳᠤ ᠰᠦᠯᠵᠢᠶᠡᠨ ᠤ ᠢᠳᠡᠭᠡᠨ ᠤ ᠡᠵᠡᠩᠨᠡᠯᠲᠡ ᠶᠢᠨ ᠵᠦᠢᠯ ᠵᠤᠷᠪᠤᠰ ᠢ ᠨᠡᠮᠡᠵᠦ᠂ | ᠢᠳᠡᠭᠡᠨ ᠤ ᠵᠢᠵᠢᠭ ᠦᠢᠯᠡᠳᠬᠡᠯ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠰᠤᠯᠠ ᠢᠳᠡᠭᠡᠨ ᠤ ᠳᠡᠯᠭᠡᠭᠦᠷ | ᠰᠦᠯᠵᠢᠶᠡᠨ ᠤ ᠢᠳᠡᠭᠡᠨ ᠤ ᠡᠵᠡᠩᠨᠡᠯᠲᠡ ᠬᠢᠵᠦ ᠪᠣᠯᠣᠨ᠎ᠠ᠂ ᠢᠳᠡᠭᠡᠨ ᠤ ᠵᠠᠳᠠᠭᠠᠢ ᠳᠡᠯᠭᠡᠭᠦᠷ ᠥᠪᠡᠷ ᠢᠶᠠᠨ | ᠦᠢᠯᠡᠳᠪᠦᠷᠢᠯᠡᠭᠰᠡᠨ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢᠶᠠᠨ ᠰᠦᠯᠵᠢᠶ᠎ᠡ ᠪᠠᠷ ᠪᠣᠷᠣᠯᠠᠭᠤᠯᠵᠤ | ᠪᠣᠯᠣᠨ᠎ᠠ ᠭᠡᠵᠦ ᠲᠣᠭᠲᠠᠭᠠᠵᠠᠢ᠃ | ︽ᠳᠥᠷᠪᠡᠨ ᠵᠢᠵᠢᠭ ᠭᠤᠣᠯ ᠴᠣᠭᠴᠠ︾ ᠶᠢᠨ ᠠᠵᠢᠯ ᠲᠥᠷᠥᠯ ᠨᠢ ᠪᠡᠯᠡ ᠣᠷᠣᠭᠤᠯᠤᠯᠲᠠ ᠪᠠᠷ ᠪᠠᠭ᠎ᠠ᠂ | ᠦᠷ᠎ᠡ ᠠᠰᠢᠭ ᠣᠯᠬᠤ ᠨᠢ ᠲᠦᠷᠭᠡᠨ᠂ ᠠᠶᠤᠯ ᠲᠦᠭᠰᠢᠭᠦᠷᠢ ᠪᠠᠭ᠎ᠠ ᠵᠡᠷᠭᠡ ᠣᠨᠴᠠᠯᠢᠭ ᠲᠠᠢ ᠪᠠᠶᠢᠵᠤ᠂ ᠠᠮᠢᠳᠤᠯᠢᠭ | ᠠᠵᠢᠯ ᠣᠯᠭᠤᠯᠲᠠ ᠶᠢᠨ ᠭᠤᠣᠯ ᠭᠡᠯᠪᠡᠷᠢ ᠪᠣᠯᠤᠭᠰᠠᠨ ᠪᠠᠶᠢᠨ᠎ᠠ᠃ 4 ᠰᠠᠷ᠎ᠠ ᠪᠤᠯᠲᠠᠯ᠎ᠠ᠂ ᠮᠠᠨ ᠤ ᠣᠷᠣᠨ ᠳᠤ | ᠢᠳᠡᠭᠡᠨ ᠤ ᠵᠢᠵᠢᠭ ᠦᠢᠯᠡᠳᠬᠡᠯ ᠤᠨ ᠭᠠᠵᠠᠷ 1.6 ᠲᠦᠮᠡ᠂ ᠢᠳᠡᠭᠡᠨ ᠤᠮᠳᠠᠭᠠᠨ ᠤ ᠵᠢᠵᠢᠭ ᠳᠡᠯᠭᠡᠭᠦᠷ 2.65 | ᠲᠦᠮᠡ᠂ ᠰᠤᠯᠠ ᠢᠳᠡᠭᠡᠨ ᠤ ᠳᠡᠯᠭᠡᠭᠦᠷ 4.1 ᠲᠦᠮᠡ᠂ ᠢᠳᠡᠭᠡᠨ ᠤ ᠵᠠᠳᠠᠭᠠᠢ ᠳᠡᠯᠭᠡᠭᠦᠷ 0.86 ᠲᠦᠮᠡ ᠪᠠᠶᠢᠵᠤ᠂ | ᠠᠵᠢᠯᠯᠠᠵᠤ ᠪᠠᠶᠢᠭ᠎ᠠ ᠬᠥᠮᠥᠰ 10 ᠭᠠᠷᠤᠢ ᠲᠦᠮᠡ ᠳᠤ ᠬᠦᠷᠴᠡᠢ᠃ ᠣᠶᠢᠷ᠎ᠠ ᠶᠢᠨ ᠵᠢᠯ ᠤᠳ ᠲᠤ ᠰᠦᠯᠵᠢᠶᠡᠨ ᠤ | ᠪᠣᠷᠤᠯᠠᠭᠤᠯᠭ᠎ᠠ ᠨᠢ ᠡᠯ᠎ᠡ ᠲᠥᠷᠥᠯ ᠤᠨ ᠡᠵᠡᠩᠨᠡᠭᠴᠢᠳ ᠤᠨ ᠪᠣᠷᠤᠯᠠᠭᠤᠯᠭ᠎ᠠ ᠶᠢᠨ ᠴᠢᠬᠤᠯᠠ ᠠᠷᠭ᠎ᠠ ᠵᠠᠮ ᠪᠤᠯᠬᠤ ᠶᠢ | ᠳᠠᠭᠠᠯᠳᠤᠨ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠤ ᠬᠤᠳᠠᠯᠳᠤᠭᠠᠨ ᠤ ᠠᠵᠢᠯᠯᠠᠭ᠎ᠠ ᠨᠢ | ᠶᠡᠷᠦ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠪᠠᠶᠢᠵᠤ᠂ ᠬᠢᠨᠠᠯᠲᠠ | ᠬᠠᠮᠢᠶᠠᠷᠤᠯᠲᠠ ᠳᠤ ᠵᠣᠬᠢᠬᠤ ᠬᠦᠴᠢᠷᠳᠡᠯ ᠤᠴᠠᠷᠠᠭᠤᠯᠤᠭᠰᠠᠭᠠᠷ ᠢᠷᠡᠵᠡᠶ᠃︽ᠳᠦᠷᠢᠮ︾ ᠢ ᠬᠡᠷᠡᠭᠵᠢᠭᠦᠯᠦᠭᠰᠡᠨ ᠨᠢ | ᠬᠠᠤᠯᠢ ᠲᠣᠭᠲᠠᠭᠠᠬᠤ ᠲᠠᠰ ᠳᠠᠪᠬᠤᠷᠭ᠎ᠠ ᠠᠴᠠ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠤ | ᠪᠣᠷᠤᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠢ ᠵᠢᠷᠤᠮᠵᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠯ | ᠢ ᠰᠢᠯᠤᠭᠤᠳᠬᠠᠨ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠷᠬᠡ ᠬᠠᠷᠢᠭᠤᠴᠠᠯᠭ᠎ᠠ | ᠲᠣᠳᠣᠷᠬᠠᠢ᠂ ᠨᠢᠭᠲᠠ ᠬᠠᠮᠵᠢᠯᠴᠠᠭᠰᠠᠨ᠂ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠠᠵᠢᠯ ᠤᠨ ᠬᠠᠷᠢᠭᠤᠴᠠᠯᠭ᠎ᠠ ᠶᠢᠨ | ᠰᠢᠰᠲ᠋ᠧᠮ ᠢ ᠪᠠᠶᠢᠭᠤᠯᠬᠤ ᠳᠤ ᠠᠰᠢᠭᠲᠠᠢ ᠮᠥᠷᠲᠡᠭᠡᠨ ᠪᠠᠰᠠ ︽ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ | ᠨᠢᠭᠡ ᠴᠣᠭᠴᠠᠵᠢᠭᠤᠯᠬᠤ︾ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠭᠰᠡᠨ ᠪᠠᠶᠢᠨ᠎ᠠ᠃ | ᠪᠦᠭᠦ ᠣᠷᠣᠨ ᠤ︽ᠳᠥᠷᠪᠡᠨ ᠵᠢᠵᠢᠭ ᠭᠤᠣᠯ ᠴᠣᠭᠴᠠ︾ ᠶᠢᠨ ᠰᠦᠯᠵᠢᠶᠡᠨ ᠳᠤ ᠤᠷᠤᠭᠰᠢᠲᠠᠢ ᠪᠠᠷ | ᠪᠣᠷᠣᠯᠠᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠣᠯᠪᠠᠰᠤᠷᠠᠯ ᠡᠷᠭᠢᠯᠡᠵᠦ᠂ ᠲᠡᠳᠡᠨ ᠤ ᠢᠵᠢ ᠪᠦᠷᠢᠳᠦᠭᠦᠯᠬᠦ | ᠬᠠᠮᠢᠶᠠᠷᠤᠯᠲᠠ ᠶᠢᠨ ᠠᠷᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠳᠤ ᠪᠦᠭᠦ ᠲᠠᠯ᠎ᠠ ᠶᠢᠨ ᠲᠠᠶᠢᠯᠤᠮᠵᠢ ᠬᠢᠵᠦ᠂ ᠪᠦᠭᠦ | ᠣᠷᠣᠨ ᠤ ︽ᠳᠥᠷᠪᠡᠨ ᠵᠢᠵᠢᠭ ᠭᠤᠣᠯ ᠴᠣᠭᠴᠠ︾ᠵᠢᠴᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯᠲᠠᠨ 4 | ᠲᠦᠮᠡ ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ | |