ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ ᠲᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/5/8
     ᠠᠵᠢᠯᠴᠢᠨ ᠤ ᠡᠪᠯᠡᠯ ᠤᠨ ᠪᠠᠶᠢᠩᠭᠤ ᠶᠢᠨ ᠴᠢᠨᠠᠷᠲᠠᠶ ᠬᠠᠶᠢᠷ᠎ᠠ ᠬᠠᠯᠠᠮᠵᠢ ᠬᠦᠷᠭᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠭᠡ ᠪᠠᠶᠠᠷ ᠤᠨ ᠡᠳᠦᠷ᠂ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠤᠨ ᠬᠠᠶᠢᠷ᠎ᠠ ᠬᠠᠯᠠᠮᠵᠢ ᠬᠦᠷᠭᠡᠬᠦ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠳᠣᠪᠣᠶᠢᠯᠭᠠᠬᠤ ᠶᠢᠨ ᠲᠤᠰᠠᠳᠠ᠂ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠤ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠳᠤᠭᠤᠶᠢᠯᠠᠩ ᠤᠨ ᠬᠢᠨ ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ ᠶᠢ ᠲᠣᠬᠤᠨᠢᠭᠤᠯᠵᠤ᠂ ᠲᠡᠳᠡᠨ ᠳᠤ ᠠᠵᠢᠯᠴᠢᠨ ᠤ ᠡᠪᠯᠡᠯ ᠤᠨ ᠳᠣᠲᠣᠨᠣ ᠬᠠᠯᠠᠮᠵᠢᠯᠠᠯ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ ᠲᠠᠯᠬ᠎ᠠ᠂ ᠦᠨᠢᠶᠡᠨ ᠰᠦ᠂ ᠴᠢᠴᠠᠷᠭᠠᠨ᠎ᠠ ᠶᠢᠨ ᠰᠢᠭᠦᠰᠦ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃      ᠲᠣᠬᠤᠨᠢᠭᠤᠯᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠪᠣᠯᠤᠨ ᠤᠢ ᠰᠢᠭᠤᠢ ᠶᠢᠨ ᠬᠤᠪᠢᠶᠠᠷᠢ ᠲᠣᠪᠴᠢᠶ᠎ᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠲᠣᠬᠤᠨᠢᠭᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ ︽ᠤᠯᠤᠰ ᠤᠨ ᠶᠡᠭᠡ ᠶᠠᠪᠤᠳᠠᠯ︾ ᠪᠣᠯᠬᠤ ᠮᠥᠷᠲᠡᠭᠡᠨ ᠪᠠᠰᠠ ᠬᠥᠮᠦᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ ᠶᠤᠮ᠂ ᠠᠵᠢᠯᠲᠠᠨ ᠠᠵᠢᠯᠴᠢᠨ ᠣᠯᠠᠨ ᠲᠦᠮᠡᠨ ᠨᠢᠭᠡᠪᠦᠷᠢ ᠴᠥᠮ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠢᠳᠡᠪᠬᠢᠲᠡᠶ ᠪᠠᠷ ᠬᠠᠮᠠᠭᠠᠯᠠᠨ᠂ ᠳᠡᠯᠡᠬᠡᠶ ᠶᠢᠨ ᠪᠥᠮᠪᠥᠷᠴᠡᠭ ᠤᠨ ︽ᠪᠣᠬᠢᠷᠲᠤᠯ ᠥᠬᠡᠶ ᠬᠠᠮᠠᠭᠠᠯᠠᠭᠴᠢ︾ ᠪᠣᠯᠬᠤ ᠬᠡᠷᠡᠭᠲᠡᠶ ᠭᠡᠪᠡ᠃      ᠡᠭᠡᠯ ᠶᠡᠷᠦᠮᠳᠡᠭ ᠨᠢ ᠠᠭᠤᠤ ᠶᠡᠭᠡ ᠶᠢ ᠪᠤᠶᠢᠵᠢᠭᠤᠯᠵᠤ᠂ ᠬᠥᠳᠡᠯᠮᠦᠷᠢ ᠨᠢ ᠵᠣᠯ ᠵᠢᠷᠭᠠᠯ ᠢ ᠡᠭᠦᠳᠦᠨ ᠪᠦᠲᠦᠭᠡᠨ᠎ᠡ᠃ ᠲᠤᠰ ᠤᠳᠠᠭ᠎ᠠ ᠶᠢᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠪᠣᠯ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠡᠭᠦᠷᠭᠡ ᠪᠣᠯᠤᠨ᠎ᠠ᠂ ᠠᠵᠢᠯᠴᠢᠨ ᠤ ᠡᠪᠯᠡᠯ ᠤᠨ ᠬᠠᠷᠢᠭᠤᠴᠠᠯᠭᠠᠲᠤ ᠤᠬᠠᠮᠰᠠᠷ᠂ ᠬᠠᠷᠠᠮ ᠦᠭᠡᠢ ᠵᠣᠷᠢᠭᠤᠯᠬᠤ ᠤᠬᠠᠮᠰᠠᠷ ᠪᠣᠯᠤᠨ ᠦᠢᠯᠡᠴᠢᠯᠡᠬᠦ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠵᠢᠯᠳᠠᠨ ᠠᠵᠢᠯᠴᠢᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠵᠡᠢ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠬᠢᠨ ᠴᠢᠬᠤᠯᠠ ᠶᠡᠭᠡ ᠪᠠᠶᠠᠷ ᠤᠨ ᠡᠳᠦᠷ ᠲᠠᠢ ᠤᠶᠠᠯᠳᠤᠭᠤᠯᠤᠨ ᠤᠯᠠᠨ ᠶᠠᠩᠵᠤ ᠶᠢᠨ ᠬᠡᠯᠪᠡᠷᠢ ᠶᠢᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠠᠵᠢᠯᠳᠠᠨ ᠠᠵᠢᠯᠴᠢᠨ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠢᠯᠳᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号