ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 12 ᠳ᠋ᠤᠭᠠᠷ ᠲᠣᠭᠠᠲᠤ | | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ | ᠠᠳᠬᠤᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠥᠬᠡᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ | ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠪᠬᠢ ᠦᠷᠡᠵᠢᠯ ᠤᠨ ᠳᠡᠮᠵᠢᠯᠭᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 16 ᠰᠠᠯᠠᠭ᠎ᠠ ᠮᠥᠴᠢᠷ ᠤᠨ ᠮᠡᠳᠡᠭᠳᠡᠯ︾ ︵ | ᠥᠪᠥᠷ ᠬᠠᠮᠠᠭᠠᠯᠠᠯ ᠵᠢᠷᠤᠮᠵᠢᠯ ﹇2022﹈ 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠠᠢ ᠭᠡᠷ ᠪᠦᠯᠢ ᠶᠢᠨ ᠣᠯᠠᠨ | ᠶᠠᠩᠵᠤ ᠶᠢᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠮᠠᠨ ᠤ | ᠬᠤᠲᠠ ᠶᠢᠨ ᠨᠢᠯᠬ᠎ᠠ ᠬᠡᠦᠬᠡᠳ ᠢ ᠠᠰᠠᠷᠠᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ | ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ᠂ ᠭᠡᠷ ᠪᠦᠯᠢ ᠶᠢᠨ ᠬᠡᠦᠬᠡᠳ ᠥᠰᠬᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠭᠠᠶᠢᠯᠢ | ᠲᠤᠰᠢᠶᠠᠭᠴᠢ ᠶᠢᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠬᠤ ᠬᠠᠮᠢᠶ᠎ᠠ ᠪᠦᠬᠦᠢ ᠵᠠᠷᠤᠯᠭ᠎ᠠ ᠶᠢ | ᠨᠢᠯᠬ᠎ᠠ ᠬᠡᠦᠬᠡᠳ ᠨᠢᠭᠡᠪᠦᠷᠢ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠨᠤᠷᠮ᠎ᠠ ᠪᠠᠷ ᠬᠠᠰᠤᠨ᠎ᠠ᠃ ᠬᠤᠶᠠᠷ | ᠬᠡᠦᠬᠡᠳ᠂ ᠭᠤᠷᠪᠠᠨ ᠬᠡᠦᠬᠡᠳ ᠠᠪᠤᠭᠰᠠᠨ ᠬᠥᠬᠡᠬᠤᠲᠠ ᠶᠢᠨ ᠡᠷᠦᠬᠡ ᠠᠮᠠ ᠲᠠᠢ ᠭᠡᠷ ᠪᠦᠯᠢ ᠳᠤ 5000 | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠬᠡᠦᠬᠡᠳ ᠠᠰᠠᠷᠠᠬᠤ ᠨᠥᠬᠦᠪᠦᠷᠢ ᠮᠥᠩᠭᠦ ᠣᠯᠭᠤᠨ᠎ᠠ︔ ᠬᠡᠦᠬᠡᠳ | ᠰᠠᠭᠠᠲᠠᠭᠤᠯᠬᠤ ᠭᠠᠵᠠᠷ ᠬᠦᠷᠭᠡᠵᠦ ᠪᠠᠶᠢᠭ᠎ᠠ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠠᠢ ᠭᠡᠷ ᠪᠦᠯᠢ ᠶᠢᠨ | ᠬᠥᠮᠥᠨ ᠪᠦᠷᠢ ᠳᠤ ᠵᠢᠯ ᠳᠤ 600 ᠲᠥᠭᠦᠷᠢᠭ ᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠠᠰᠠᠷᠠᠭᠤᠯᠬᠤ | ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | ᠬᠤᠶᠠᠷ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠣᠯᠠᠨ | ᠬᠡᠦᠬᠡᠳ ᠲᠠᠢ ᠭᠡᠷ ᠪᠦᠯᠢ ᠥᠪᠡᠷᠲᠡᠭᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ ᠪᠠᠷ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠳᠤ᠂ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢᠨ ᠰᠠᠭᠤᠷᠢᠨ ᠳᠡᠭᠡᠷ᠎ᠡ 10% ᠪᠠᠷ | ᠨᠡᠮᠡᠭᠳᠡᠭᠦᠯᠦᠨ᠎ᠡ᠂ ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ᠂ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠨᠢ | 110 ᠲᠦᠮᠡᠨ ᠲᠥᠭᠦᠷᠢᠭ ᠪᠣᠯᠣᠨ᠎ᠠ︔ ᠭᠠᠭᠴᠠ ᠲᠠᠯ᠎ᠠ ᠠᠴᠠ ᠪᠠᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠶᠢᠭᠤᠯᠪᠠᠯ᠂ ᠵᠢᠭᠡᠯᠡᠯᠭᠡ ᠶᠢᠨ ᠬᠠᠮᠤᠭ ᠥᠨᠳᠥᠷ ᠲᠤᠭ᠎ᠠ ᠨᠢ 66 ᠲᠦᠮᠡᠨ | ᠲᠥᠭᠦᠷᠢᠭ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ᠭᠤᠷᠪᠠ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠷᠡᠭᠯᠡᠬᠦ ᠤᠰᠤ᠂ ᠴᠠᠬᠢᠯᠭᠠᠨ᠂ ᠬᠡᠢ᠂ | ᠢᠯᠴᠢ ᠳᠤ ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠦᠨ᠎ᠡ ᠬᠠᠩᠰᠢ ᠶᠢ ᠬᠡᠷᠡᠭᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠂ ᠴᠦᠨ ᠬᠤᠸᠠ ᠤᠰᠤᠨ ᠤ | ᠶᠠᠪᠤᠳᠠᠯ ᠤᠨ ᠺᠣᠮᠫᠠᠨᠢ︶ | ᠳᠥᠷᠪᠡ᠂ ᠭᠡᠷ ᠪᠦᠯᠢ ᠶᠢᠨ ᠬᠡᠦᠬᠡᠳ ᠠᠰᠠᠷᠠᠬᠤ ᠳᠡᠮᠵᠢᠯᠭᠡ ᠶᠢ ᠨᠡᠮᠡᠭᠳᠡᠭᠦᠯᠦᠨ᠎ᠡ᠃ ᠬᠠᠤᠯᠢ ᠶᠣᠰᠣᠭᠠᠷ | ᠬᠡᠦᠬᠡᠳ ᠠᠪᠤᠭᠰᠠᠨ ᠭᠡᠷ ᠪᠦᠯᠢ ᠳᠤ᠂ ᠨᠢᠭᠡᠳᠦᠭᠡᠷ᠂ ᠬᠤᠶᠠᠳᠤᠭᠠᠷ ᠬᠡᠦᠬᠡᠳ ᠠᠪᠬᠤ ᠳᠤ ︽98 ᠡᠳᠦᠷ + 2 | ᠰᠠᠷ᠎ᠠ︾ ᠶᠢᠨ ᠬᠥᠩᠭᠡᠵᠢᠯᠲᠡ ᠶᠢᠨ ᠴᠢᠯᠦᠭᠡ᠂ ᠭᠤᠷᠪᠠᠳᠤᠭᠠᠷ ᠬᠡᠦᠬᠡᠳ ᠠᠪᠬᠤ ᠳᠤ ︽98 ᠡᠳᠦᠷ + 3 ᠰᠠᠷ᠎ᠠ︾ | ᠶᠢᠨ ᠬᠥᠩᠭᠡᠵᠢᠯᠲᠡ ᠶᠢᠨ ᠴᠢᠯᠦᠭᠡ᠂ ᠡᠷᠡᠭᠲᠡᠢ ᠲᠠᠯ ᠳᠤ 25 ᠡᠳᠦᠷ ᠤᠨ ᠰᠤᠪᠢᠯᠠᠯᠲᠠ ᠶᠢᠨ ᠴᠢᠯᠦᠭᠡ ᠥᠭᠴᠦ᠂ | ᠦᠷ᠎ᠡ ᠬᠡᠦᠬᠡᠳ ᠨᠢ ᠪᠦᠬᠦᠯᠢ 3 ᠨᠠᠰᠤ ᠬᠦᠷᠬᠦ ᠠᠴᠠ ᠡᠮᠦᠨ᠎ᠡ ᠵᠢᠯ ᠪᠦᠷᠢ ᠡᠷ᠎ᠡ ᠡᠮ᠎ᠡ ᠬᠤᠶᠠᠷ ᠲᠠᠯ᠎ᠠ ᠳᠤ ᠲᠣᠰ | ᠲᠣᠰ 10 ᠡᠳᠦᠷ ᠤᠨ ᠬᠡᠦᠬᠡᠳ ᠠᠰᠠᠷᠠᠬᠤ ᠴᠢᠯᠦᠭᠡ ᠥᠭᠴᠦ᠂ ᠠᠮᠠᠷᠠᠯᠲᠠ ᠶᠢᠨ ᠬᠤᠭᠤᠴᠠᠭᠠᠨ ᠳᠠᠬᠢ ᠴᠠᠯᠢᠩ᠂ | ᠠᠰᠠᠷᠠᠮᠵᠢ ᠵᠡᠷᠭᠡ ᠬᠠᠷᠠᠭᠠᠯᠵᠠᠯ ᠢ ᠬᠤᠪᠢᠷᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠲᠠᠪᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠳᠡᠮᠵᠢᠨ᠎ᠡ᠃ | ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ᠂ ᠬᠡᠦᠬᠡᠳ ᠤᠨ ᠣᠷᠣ | ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠨᠥᠬᠦᠪᠦᠷᠢ ᠣᠯᠭᠤᠨ᠎ᠠ︔ ᠳᠠᠩᠰᠠᠯᠠᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ | ᠰᠠᠭᠠᠲᠠᠭᠤᠯᠬᠤ ᠪᠠᠶᠢᠭᠤᠯᠤᠮᠵᠢ ᠳᠤ ᠪᠣᠳᠠᠲᠠᠢ ᠢᠷᠡᠭᠰᠡᠨ ᠬᠡᠦᠬᠡᠳ ᠤᠨ ᠲᠤᠭ᠎ᠠ ︵ᠰᠠᠷ᠎ᠠ ᠶᠢᠨ ᠳᠤᠮᠳᠠᠴᠢ ᠢᠷᠡᠭᠰᠡᠨ | ᠲᠤᠭ᠎ᠠ︶ ᠪᠠᠷ ᠬᠥᠮᠥᠨ ᠪᠦᠷᠢ ᠵᠢᠯ ᠳᠤ 100 ᠲᠥᠭᠦᠷᠢᠭ ᠤᠨ ᠡᠵᠡᠩᠨᠡᠯᠲᠡ ᠶᠢᠨ ᠨᠥᠬᠦᠪᠦᠷᠢ ᠨᠥᠬᠦᠪᠦᠷᠢᠯᠡᠨ᠎ᠡ︔ | ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ ᠪᠠᠶᠢᠭᠤᠯᠤᠮᠵᠢ ᠳᠤ ᠨᠢᠭᠡ ᠤᠳᠠᠭ᠎ᠠ ᠶᠢᠨ | ᠴᠢᠨᠠᠷᠲᠠᠢ 5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠵᠢᠷᠭᠤᠭ᠎ᠠ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠠᠰᠠᠷᠠᠬᠤ ᠬᠥᠭᠵᠢᠯᠲᠡ ᠶᠢ ᠠᠬᠢᠭᠤᠯᠤᠨ᠎ᠠ᠃ | ᠥᠨᠥᠴᠢᠨ ᠬᠡᠦᠬᠡᠳ᠂ ᠵᠡᠮᠳᠡᠭ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ | ᠵᠦᠢᠯ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ ᠢ | ᠲᠥᠪᠯᠡᠷᠡᠭᠦᠯᠦᠨ ᠠᠰᠠᠷᠠᠨ ᠲᠡᠵᠢᠭᠡᠬᠦ ᠦᠨᠳᠦᠰᠦᠨ ᠠᠮᠢᠳᠤᠷᠠᠯ ᠤᠨ ᠨᠠᠭᠠᠲᠤ ᠵᠠᠬ᠎ᠠ ᠶᠢᠨ ᠠᠰᠠᠷᠠᠨ ᠲᠡᠵᠢᠭᠡᠬᠦ | ᠪᠠᠷᠢᠮᠵᠢᠶ᠎ᠠ ᠶᠢ ᠵᠢᠯ ᠪᠦᠷᠢ 26400 ᠲᠥᠭᠦᠷᠢᠭ ᠬᠦᠷᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠳᠣᠯᠤᠭ᠎ᠠ᠂ ᠭᠠᠶᠢᠯᠢ ᠰᠦᠢᠳᠬᠡᠯ ᠤᠨ ᠬᠠᠷᠠᠭᠠᠯᠵᠠᠯ ᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠬᠡᠦᠬᠡᠳ | ᠰᠠᠭᠠᠲᠠᠭᠤᠯᠬᠤ ᠦᠢᠯᠡᠴᠢᠯᠡᠭᠡ ᠬᠠᠩᠭᠠᠭᠠᠳ ᠣᠯᠣᠭᠰᠠᠨ ᠣᠷᠣᠯᠭ᠎ᠠ ᠠᠴᠠ ᠥᠷᠲᠡᠭ ᠤᠨ ᠨᠡᠮᠡᠭᠳᠡᠯ ᠭᠠᠶᠢᠯᠢ | ᠲᠠᠲᠠᠪᠤᠷᠢᠯᠠᠬᠤ ᠦᠭᠡᠢ᠂ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠶᠢ ᠪᠤᠳᠤᠬᠤ ᠦᠶ᠎ᠡ ᠳᠤ᠂ | ᠬᠠᠰᠤᠭᠠᠳ 90% ᠪᠠᠷ ᠣᠷᠣᠯᠭ᠎ᠠ ᠶᠢᠨ ᠶᠡᠷᠦᠩᠬᠡᠢ ᠲᠣᠭᠠᠨ ᠳᠤ ᠪᠤᠳᠤᠵᠤ ᠣᠷᠣᠭᠤᠯᠤᠨ᠎ᠠ︔ ᠵᠠᠯᠭᠠᠮᠵᠢᠯᠠᠭᠰᠠᠨ ᠭᠡᠷ | ᠪᠠᠶᠢᠰᠢᠩ᠂ ᠭᠠᠵᠠᠷ ᠰᠢᠷᠣᠢ ᠶᠢ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ | ᠬᠡᠷᠡᠭᠯᠡᠭᠰᠡᠨ ᠪᠠᠶᠢᠪᠠᠯ᠂ ᠭᠡᠷ᠎ᠡ ᠶᠢᠨ ᠭᠠᠶᠢᠯᠢ ᠲᠠᠲᠠᠪᠤᠷᠢᠯᠠᠬᠤ ᠦᠭᠡᠢ︔ ᠨᠡᠶᠢᠭᠡᠮ ᠲᠣᠭᠤᠷᠢᠭ ᠤᠨ ᠬᠡᠦᠬᠡᠳ | ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠭᠡᠷ ᠬᠥᠷᠥᠩᠭᠡ᠂ ᠭᠠᠵᠠᠷ ᠰᠢᠷᠣᠢ ᠠᠴᠠ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠵᠠᠷᠤᠳᠠᠯ᠂ ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ᠂ ᠭᠠᠵᠠᠷ ᠰᠢᠷᠣᠢ ᠶᠢ | ᠳᠠᠬᠢᠨ ᠬᠠᠭᠠᠯᠪᠤᠷᠢᠯᠠᠬᠤ ᠵᠠᠷᠤᠳᠠᠯ᠂ ᠭᠠᠵᠠᠷ ᠰᠢᠷᠣᠢ ᠶᠢ ᠰᠤᠯᠠ ᠲᠠᠯᠪᠢᠬᠤ ᠵᠠᠷᠤᠳᠠᠯ ᠲᠠᠲᠠᠪᠤᠷᠢᠯᠠᠬᠤ ᠦᠭᠡᠢ︔ | ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠠᠴᠠ ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ | ᠲᠠᠲᠠᠪᠤᠷᠢᠯᠠᠬᠤ ᠦᠭᠡᠢ︔ ᠨᠡᠶᠢᠭᠡᠮ ᠲᠣᠭᠤᠷᠢᠭ ᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ | ᠪᠠᠶᠢᠭᠤᠯᠤᠮᠵᠢ ᠶᠢᠨ ᠥᠪᠡᠷ ᠤᠨ ᠬᠢᠨᠢ ᠪᠤᠶᠤ ᠲᠡᠭᠦᠨ ᠤ ᠲᠦᠷᠢᠶᠡᠰᠦᠯᠡᠬᠦ᠂ ᠦᠨ᠎ᠡ ᠲᠥᠯᠥᠪᠦᠷᠢ ᠦᠭᠡᠢ ᠪᠠᠷ ᠬᠡᠷᠡᠭᠯᠡᠬᠦ | ᠵᠡᠷᠭᠡ ᠠᠷᠭ᠎ᠠ ᠮᠠᠶ᠋ᠢᠭ ᠢᠶᠠᠷ ᠣᠯᠣᠭᠰᠠᠨ ᠪᠥᠭᠡᠳ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ | ᠬᠠᠩᠭᠠᠬᠤ ᠳᠤ ᠬᠡᠷᠡᠭᠯᠡᠭᠰᠡᠨ ᠭᠡᠷ ᠬᠥᠷᠥᠩᠭᠡ᠂ ᠭᠠᠵᠠᠷ ᠰᠢᠷᠣᠢ ᠠᠴᠠ ᠭᠡᠷ ᠬᠥᠷᠥᠩᠭᠡ ᠶᠢᠨ ᠭᠠᠶᠢᠯᠢ᠂ ᠬᠤᠲᠠ | ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠢ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠨᠠᠢᠮᠠ᠂ ᠬᠡᠦᠬᠡᠳ ᠰᠠᠭᠠᠲᠠᠭᠤᠯᠬᠤ ᠴᠢᠳᠠᠪᠤᠷᠢᠲᠠᠨ ᠤ ᠡᠩᠨᠡᠭᠡ ᠶᠢ ᠶᠡᠬᠡᠪᠡᠷ ᠬᠥᠮᠥᠵᠢᠭᠦᠯᠦᠨ᠎ᠡ᠃ ᠬᠡᠦᠬᠡᠳ | ᠠᠰᠠᠷᠠᠭᠴᠢ᠂ ᠬᠡᠦᠬᠡᠳ ᠬᠥᠮᠥᠵᠢᠭᠦᠯᠦᠭᠴᠢ ᠵᠡᠷᠭᠡ ᠶᠢ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠠᠵᠢᠯ | ᠮᠡᠷᠭᠡᠵᠢᠯ ︵ᠠᠵᠢᠯ ᠲᠥᠷᠥᠯ︶ ᠪᠣᠯᠭᠠᠵᠤ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠤᠨ᠂ ᠪᠣᠯᠪᠠᠰᠤᠷᠠᠭᠤᠯᠤᠯ ᠤᠨ ᠴᠠᠭ ᠬᠤᠭᠤᠴᠠᠭ᠎ᠠ | ᠵᠢᠴᠢ ᠪᠣᠯᠪᠠᠰᠤᠷᠠᠭᠤᠯᠤᠯ ᠤᠨ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠶᠢᠰᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠎ᠡ᠃ | ᠣᠯᠠᠨ ᠰᠠᠯᠠᠭ᠎ᠠ ᠮᠥᠴᠢᠷ ᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠪᠦᠷᠢᠳᠬᠡᠵᠦ ᠳᠠᠩᠰᠠᠯᠠᠬᠤ ᠰᠠᠭᠠᠳ | ᠦᠭᠡᠢ ᠨᠡᠪᠲᠡᠷᠡᠬᠦ ᠵᠠᠮ ᠭᠠᠷᠭᠠᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠠᠷᠠᠭᠠᠯᠵᠠᠭᠰᠠᠨ ᠠᠵᠢᠯ ᠤᠨ | ᠲᠤᠰᠢᠶᠠᠯ ᠬᠠᠷᠢᠭᠤᠴᠠᠯᠭ᠎ᠠ᠂ ᠬᠢᠨᠠᠨ ᠵᠥᠪᠰᠢᠶᠡᠷᠡᠬᠦ ᠠᠭᠤᠯᠭ᠎ᠠ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠬᠢᠨᠠᠨ | ᠵᠥᠪᠰᠢᠶᠡᠷᠡᠬᠦ ᠴᠤᠪᠤᠷᠠᠯ ᠤᠨ ᠶᠣᠰᠣᠭᠠᠷ ᠲᠦᠷᠭᠡᠨ ᠭᠦᠢᠴᠡᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠠᠷᠪᠠ᠂ ᠭᠡᠷ ᠪᠦᠯᠢ ᠶᠢᠨ ᠨᠢᠯᠬ᠎ᠠ ᠬᠡᠦᠬᠡᠳ ᠢ ᠠᠰᠠᠷᠠᠬᠤ ᠵᠢᠯᠣᠭᠤᠳᠤᠯᠭ᠎ᠠ ᠶᠢ ᠴᠢᠩᠭᠠᠷᠠᠭᠤᠯᠤᠨ᠎ᠠ᠃ ᠡᠬᠡ | ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠭᠡᠷ ᠪᠦᠯᠢ ᠶᠢᠨ ᠬᠡᠦᠬᠡᠳ ᠬᠦᠮᠦᠵᠢᠭᠦᠯᠬᠦ ᠶᠢ ᠵᠢᠯᠤᠭᠤᠳᠬᠤ | ᠦᠢᠯᠡᠴᠢᠯᠡᠭᠡᠨ ᠤ ᠥᠷᠲᠡᠭᠡ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠦᠰᠢᠭᠯᠡᠨ ᠬᠡᠦᠬᠡᠳ ᠬᠦᠮᠦᠵᠢᠭᠦᠯᠬᠦ ᠶᠢ | ᠵᠢᠯᠤᠭᠤᠳᠬᠤ ᠦᠢᠯᠡᠴᠢᠯᠡᠭᠡ ᠥᠷᠨᠢᠭᠦᠯᠵᠦ᠂ ᠭᠡᠷ ᠪᠦᠯᠢ ᠳᠤ ᠨᠢᠯᠬ᠎ᠠ ᠬᠡᠦᠬᠡᠳ ᠢ ᠠᠰᠠᠷᠠᠬᠤ ᠵᠢᠯᠣᠭᠤᠳᠤᠯᠭ᠎ᠠ ᠪᠠ | ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠭᠤᠯᠤᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠠᠷᠪᠠᠨ ᠨᠢᠭᠡ᠂ ︽ᠡᠮᠴᠢᠯᠡᠭᠡ ᠪᠠ ᠬᠥᠮᠦᠵᠢᠯ ᠢ ᠤᠶᠠᠯᠳᠤᠭᠤᠯᠬᠤ︾ ᠶᠢ ᠠᠬᠢᠭᠤᠯᠤᠨ᠎ᠠ᠃ ᠡᠯ᠎ᠡ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠦᠰᠢᠭᠯᠡᠨ | ︽ᠡᠮᠴᠢᠯᠡᠭᠡ ᠪᠠ ᠬᠥᠮᠦᠵᠢᠯ ᠢ ᠤᠶᠠᠯᠳᠤᠭᠤᠯᠬᠤ︾ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠵᠦ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ ᠳᠤ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯ ᠤᠨ ᠵᠢᠯᠣᠭᠤᠳᠤᠯᠭ᠎ᠠ ᠪᠠ ᠨᠢᠯᠬ᠎ᠠ | ᠬᠡᠦᠬᠡᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ᠠᠷᠪᠠᠨ ᠬᠤᠶᠠᠷ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠠᠴᠠ | ᠬᠡᠦᠬᠡᠳ ᠰᠠᠭᠠᠲᠠᠭᠤᠯᠬᠤ ᠠᠩᠭᠢ ᠪᠠᠶᠢᠭᠤᠯᠵᠤ᠂ ᠬᠡᠦᠬᠡᠳ ᠰᠠᠭᠠᠲᠠᠭᠤᠯᠬᠤ ᠪᠠ ᠴᠡᠴᠡᠷᠯᠢᠭ ᠢ ᠨᠢᠭᠡ | ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠪᠠᠶᠢᠭᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠰᠤᠯᠠ ᠲᠠᠯᠪᠢᠵᠤ ᠪᠠᠶᠢᠭ᠎ᠠ ᠠᠵᠢᠯᠯᠠᠬᠤ ᠭᠠᠵᠠᠷ ᠢᠶᠠᠨ ᠠᠰᠢᠭᠯᠠᠨ ᠲᠤᠰᠠᠭᠠᠷ | ᠪᠤᠶᠤ ᠬᠠᠮᠢᠶ᠎ᠠ ᠪᠦᠬᠦᠢ ᠨᠢᠭᠡᠴᠢ ᠲᠠᠢ ᠬᠠᠮᠲᠤᠷᠠᠨ ᠡᠷᠭᠢᠯᠡᠬᠦ ᠠᠷᠭ᠎ᠠ ᠮᠠᠶ᠋ᠢᠭ ᠢᠶᠠᠷ ᠠᠵᠢᠯᠲᠠᠨ ᠠᠵᠢᠯᠴᠢᠨ ᠳᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠳᠡᠮᠵᠢᠵᠦ᠂ ᠬᠡᠷᠡᠭᠰᠡᠬᠦ | ᠲᠠᠯᠠᠪᠠᠶ ᠶᠢ ᠨᠢᠭᠡᠴᠢ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠶᠡᠷᠦᠩᠬᠡᠢ ᠬᠡᠷᠡᠭᠯᠡᠬᠦ ᠲᠠᠯᠠᠪᠠᠶ ᠳᠤ ᠪᠤᠳᠤᠵᠤ | ᠣᠷᠣᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ | ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | | |