ᠦᠰᠦᠭ ᠪᠢᠴᠢᠭ ᠤᠨ ᠲᠠᠶᠢᠯᠦᠮᠵᠢ᠄ ︽ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/8
     ᠨᠢᠭᠡ᠂ ᠲᠣᠭᠲᠠᠭᠠᠭᠰᠠᠨ ᠠᠬᠤᠢ ᠪᠠᠶᠢᠳᠠᠯ      2023 ᠣᠨ ᠤ 8 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠠᠢ ᠬᠠᠮᠲᠤᠷᠠᠨ ︽ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 102 ᠬᠤᠲᠠ ᠶᠢ ᠪᠠᠶᠢᠷᠢᠰᠢᠭᠤᠯᠤᠨ ᠪᠥᠲᠥᠭᠡᠨ ᠪᠠᠶᠢᠭᠤᠯᠬᠤ ᠬᠡᠪᠴᠢᠶᠡᠨ ᠳᠤ ᠣᠷᠣᠭᠤᠯᠵᠤ᠂ ᠬᠥᠬᠡᠬᠤᠲᠠ ᠴᠢᠳᠠᠮᠵᠢ ᠶᠢᠨ ᠬᠡᠯᠪᠡᠷᠢ ᠶᠢᠨ ᠭᠦᠢᠯᠭᠡᠭᠡᠨ ᠤ ᠲᠤᠯᠭᠠᠭᠤᠷᠢᠯᠠᠬᠤ ᠬᠤᠲᠠ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠢᠯᠡᠷᠬᠡᠶᠢᠯᠡᠭᠰᠡᠨ ᠢᠶᠠᠷ᠂ ᠭᠦᠢᠯᠭᠡᠭᠡᠨ ᠤ ᠲᠤᠯᠭᠠᠭᠤᠷᠢᠯᠠᠬᠤ ᠬᠤᠲᠠ ᠨᠢ ︽ᠶᠡᠭᠡ ᠭᠦᠢᠯᠭᠡᠭᠡᠨ︾ ᠤ ᠥᠨᠳᠥᠷ ᠠᠴᠠ ᠬᠤᠳᠠᠯᠳᠤᠭᠠᠨ ᠤ ᠭᠦᠢᠯᠭᠡᠭᠡ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ᠂ ᠪᠡᠯᠡ ᠮᠥᠩᠭᠦ ᠶᠢᠨ ᠭᠦᠢᠯᠭᠡᠭᠡᠨ ᠤ ᠤᠶᠠᠯᠳᠤᠨ ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ ᠬᠡᠷᠡᠭᠯᠡᠭᠡ ᠶᠢᠨ ᠨᠢᠭᠲᠠ ᠵᠣᠯᠭᠠᠯᠳᠤᠬᠤ ᠶᠢ ᠠᠬᠢᠭᠤᠯᠤᠨ᠂ ᠳᠣᠲᠣᠭᠠᠳᠤ ᠳᠤ ᠪᠠᠨ ᠰᠠᠭᠠᠳ ᠦᠭᠡᠶ᠂ ᠭᠠᠳᠠᠭᠰᠢ ᠬᠤᠯᠪᠣᠭᠠᠯᠠᠭᠰᠠᠨ ᠣᠳᠣ ᠦᠶ᠎ᠡ ᠶᠢᠨ ᠭᠦᠢᠯᠭᠡᠭᠡᠨ ᠤ ᠲᠣᠣᠷ ᠢ ᠲᠦᠷᠭᠡᠨ ᠪᠣᠶ ᠪᠣᠯᠭᠠᠬᠤ ᠳᠤ ᠠᠰᠢᠭᠲᠠᠶ ᠶᠤᠮ᠃      ᠬᠤᠶᠠᠷ᠂ ᠪᠦᠲᠦᠭᠡᠨ ᠪᠠᠶᠢᠭᠤᠯᠬᠤ ᠱᠠᠭᠠᠷᠳᠠᠯᠭ᠎ᠠ      ᠤᠯᠤᠰ ᠤᠨ ᠬᠡᠷᠡᠭᠴᠡᠭᠡ ᠪᠠ ᠬᠤᠲᠠ ᠶᠢᠨ ᠳᠠᠪᠠᠭᠤᠯᠢᠭ ᠲᠠᠭᠠᠨ ᠰᠠᠭᠤᠷᠢᠯᠠᠨ᠂ ᠴᠢᠭ ᠢᠶᠠᠷ ᠨᠡᠶᠢᠳᠡᠮ ᠢ ᠳᠠᠶᠢᠴᠢᠯᠠᠵᠤ ᠭᠤᠤᠯᠯᠠᠬᠤ ᠭᠦᠢᠯᠭᠡᠭᠡᠨ ᠤ ᠬᠤᠩᠭᠢᠯ᠂ ᠣᠳᠣ ᠦᠶ᠎ᠡ ᠶᠢᠨ ᠭᠦᠢᠯᠭᠡᠭᠡᠨ ᠤ ᠲᠣᠤᠷ ᠪᠠ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠤᠯᠤᠰ ᠤᠨ ᠬᠥᠭᠵᠢᠯᠲᠡ ᠶᠢᠨ ᠬᠡᠷᠡᠭᠴᠡᠭᠡ ᠳᠤ ᠪᠦᠬᠦ ᠲᠠᠯ᠎ᠠ ᠪᠠᠷ ᠦᠢᠯᠡᠴᠢᠯᠡᠵᠦ᠂ ᠨᠥᠯᠥᠭᠡᠯᠡᠨ ᠳᠠᠶᠢᠴᠢᠯᠠᠬᠤ ᠴᠢᠳᠠᠮᠵᠢ ᠶᠢ ᠪᠦᠬᠦ ᠲᠠᠯ᠎ᠠ ᠪᠠᠷ ᠥᠷᠭᠡᠳᠬᠡᠵᠦ᠂ ᠭᠦᠢᠯᠭᠡᠭᠡᠨ ᠤ ᠬᠥᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠵᠤ᠂ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢᠨ ᠬᠠᠲᠠᠭᠤ ᠲᠣᠨᠤᠭ ᠪᠣᠯᠤᠨ ᠵᠥᠭᠡᠯᠡᠨ ᠲᠣᠨᠤᠭ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠪᠣᠯᠤᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠬᠥᠭᠵᠢᠯᠲᠡ ᠶᠢ ᠲᠦᠷᠭᠡᠳᠬᠡᠨ᠂ ᠵᠠᠮ ᠲᠡᠭᠡᠭᠡᠪᠦᠷᠢ᠂ ᠮᠥᠩᠭᠦᠨ ᠭᠦᠢᠯᠭᠡᠭᠡᠨ᠂ ᠢᠲᠡᠭᠡᠮᠵᠢ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠭᠦᠢᠯᠭᠡᠭᠡᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠦᠲᠦᠭᠡᠯᠴᠢ ᠬᠦᠴᠦᠨ ᠪᠣᠯᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠭᠤᠷᠪᠠ᠂ ᠭᠤᠣᠯ ᠠᠭᠤᠯᠭ᠎ᠠ      ︽ᠬᠥᠬᠡᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠲᠥᠰᠥᠯ︾ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠨ ᠬᠥᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠠᠭᠠᠭᠠᠴᠠ ᠶᠢᠨ ᠴᠢᠳᠠᠯ ᠢ ᠳᠡᠭᠡᠭᠰᠢᠯᠡᠭᠦᠯᠬᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠭᠦᠢᠯᠭᠡᠭᠡᠨ ᠳᠤ ᠦᠢᠯᠡᠴᠢᠯᠡᠬᠦ ᠴᠢᠳᠠᠪᠤᠷᠢ ᠶᠢ ᠥᠷᠭᠡᠳᠬᠡᠬᠦ᠂ ᠭᠦᠢᠯᠭᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠮᠠᠨ ᠤ ᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠬᠤ ᠳᠤ ᠪᠥᠬᠦ ᠲᠠᠯ᠎ᠠ ᠪᠠᠷ ᠡᠮᠬᠢᠯᠡᠨ ᠠᠷᠭ᠎ᠠ ᠤᠬᠠᠭᠠᠨ ᠰᠦᠪᠡᠭᠴᠢᠯᠡᠪᠡ᠃      ︵ᠨᠢᠭᠡ︶ ᠭᠦᠢᠯᠭᠡᠭᠡᠨ ᠤ ᠲᠤᠯᠭᠠᠭᠤᠷᠢᠯᠠᠬᠤ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ᠄ ᠪᠦᠲᠦᠭᠡᠨ ᠪᠠᠶᠢᠭᠤᠯᠬᠤ ᠶᠡᠷᠦᠩᠬᠡᠢ ᠬᠠᠷᠠᠯᠲᠠ᠂ 2035 ᠤᠨ ᠪᠣᠯᠬᠤ ᠳᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠭᠦᠢᠯᠭᠡᠭᠡ᠂ ᠪᠥᠬᠦ ᠬᠦᠴᠦᠨ ᠵᠦᠢᠯ ᠤᠨ ᠭᠦᠢᠯᠭᠡᠭᠡ᠂ ᠪᠥᠬᠦ ᠶᠠᠪᠤᠴᠠ ᠶᠢᠨ ᠭᠦᠢᠯᠭᠡᠭᠡ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠭᠦᠢᠯᠭᠡᠭᠡ᠂ ᠪᠥᠬᠦ ᠲᠠᠯ᠎ᠠ ᠶᠢᠨ ᠨᠡᠭᠡᠭᠡᠯᠲᠡ ᠲᠠᠢ ᠭᠦᠢᠯᠭᠡᠭᠡ ᠶᠢᠨ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠦᠷᠢᠯᠳᠦᠭᠦᠯᠦᠨ᠎ᠡ︔ ᠪᠦᠲᠦᠭᠡᠨ ᠪᠠᠶᠢᠭᠤᠯᠬᠤ ᠱᠠᠲᠤ ᠦᠶ᠎ᠡ ᠶᠢᠨ ᠴᠢᠨᠠᠷᠲᠠᠢ ᠬᠠᠷᠠᠯᠲᠠ ᠪᠣᠯ 2025 ᠤᠨ ᠪᠣᠯᠬᠤ ᠳᠤ ᠪᠦᠬᠦ ᠬᠤᠲᠠ ᠶᠢᠨ ᠣᠳᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃      ︵ᠬᠤᠶᠠᠷ︶ ᠭᠤᠣᠯᠯᠠᠬᠤ ᠭᠦᠢᠯᠭᠡᠭᠡᠨ ᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠲᠤᠯᠭᠠᠭᠤᠷᠢᠯᠠᠨ᠎ᠠ᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠤᠮᠠᠷᠠᠲᠤ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ᠂ ᠤᠮᠠᠷᠠᠲᠤ ᠬᠢᠯᠢ ᠶᠢᠨ ᠣᠯᠠᠨ ᠤᠯᠤᠰ ᠤᠨ ᠬᠦᠢᠰᠦ᠂ ᠤᠯᠤᠰ ᠤᠨ ᠮᠠᠯ ᠠᠵᠤ ᠠᠬᠤᠶ ᠶᠢᠨ ᠮᠡᠷᠭᠡᠵᠢᠯ ᠤᠨ ᠲᠥᠪ ᠪᠠ ᠤᠮᠠᠷᠠᠲᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠢ ᠴᠢᠨᠠᠷ ᠰᠠᠶᠢᠲᠠᠶ ᠪᠠᠶᠢᠭᠤᠯᠤᠨ᠎ᠠ᠃      ︵ᠭᠤᠷᠪᠠ︶ ᠲᠠᠸᠠᠷ ᠪᠠ ᠡᠬᠢ ᠪᠠᠶᠠᠯᠢᠭ ᠤᠨ ᠡᠯᠧᠮᠧᠨ᠋ᠲ ᠤᠨ ᠭᠦᠢᠯᠭᠡᠭᠡᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠄ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠷᠬᠡ ᠲᠡᠭᠰᠢ ᠪᠠᠷ ᠥᠷᠢᠰᠥᠯᠳᠦᠬᠦ ᠣᠷᠴᠢᠨ ᠲᠣᠭᠤᠷᠢᠨ ᠢ ᠪᠤᠢ ᠪᠣᠯᠭᠠᠵᠤ᠂ ᠵᠠᠰᠠᠭ ᠤᠨ ᠣᠷᠳᠣᠨ ᠂ ᠠᠵᠢᠯ ᠲᠦᠷᠦᠯ ᠤᠨ ᠨᠡᠶᠢᠭᠡᠮᠯᠢᠭ ᠪᠠ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠪᠠ ᠬᠡᠷᠡᠭᠯᠡᠭᠴᠢᠳ ᠤᠨ ᠪᠠᠷᠢᠮᠵᠢᠶ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠵᠢᠷᠤᠮᠵᠢᠭᠰᠠᠨ ᠬᠥᠭᠵᠢᠯᠲᠡ ᠶᠢ ᠠᠬᠢᠭᠤᠯᠤᠨ᠎ᠠ᠃      ︵ᠲᠦᠷᠪᠡ︶ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠄ ᠥᠨᠳᠥᠷ ᠪᠠᠷᠢᠮᠵᠢᠶᠠᠲᠤ ᠲᠠᠸᠠᠷ ᠤᠨ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠷᠭ᠎ᠠ ᠵᠠᠮ ᠢ ᠵᠣᠯᠭᠠᠭᠤᠯᠵᠤ᠂ ᠲᠠᠸᠠᠷ ᠤᠨ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠲᠣᠭᠠᠴᠢᠯᠠᠭᠰᠠᠨ ᠤᠶᠤᠨᠴᠢᠯᠠᠭᠰᠠᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠂ ᠥᠪᠥᠷ ᠮᠣᠩᠭᠤᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠭᠠᠳᠠᠭᠰᠢ ᠭᠠᠷᠬᠤ︾ ᠶᠢ ᠠᠬᠢᠭᠤᠯᠤᠨ᠎ᠠ︔ ᠣᠯᠠᠨ ᠱᠠᠲᠤ ᠳᠠᠪᠬᠤᠷᠭ᠎ᠠ ᠪᠦᠬᠦᠢ ᠠᠷᠠᠯᠵᠢᠶ᠎ᠠ ᠬᠤᠳᠠᠯᠳᠤᠭᠠᠨ ᠤ ᠲᠣᠤᠷ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠲᠣᠭᠤᠷᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠰᠢᠯᠢᠳᠡᠭᠵᠢᠭᠦᠯᠦᠨ᠂ ᠬᠤᠲᠠ ᠶᠢᠨ ᠤᠨᠴᠠᠯᠢᠬᠳᠤ ᠬᠤᠳᠠᠯᠳᠤᠭᠠᠨ ᠤ ᠲᠣᠭᠤᠷᠢᠭ ᠤᠨ ︽ᠠᠷᠠᠳ ᠲᠤ ᠲᠥᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ ᠪᠣᠶ ᠪᠣᠯᠭᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠦᠢᠯᠭᠡᠭᠡᠨ ᠤ ᠦᠢᠯᠡᠰ ᠤᠨ ᠰᠢᠨ᠎ᠡ ᠶᠢ ᠡᠭᠦᠳᠦᠨ ᠵᠢᠷᠤᠮᠵᠢᠭᠤᠨ ᠬᠥᠭᠵᠢᠬᠦ ᠶᠢ ᠠᠬᠢᠭᠤᠯᠤᠨ᠂ ᠭᠦᠢᠯᠭᠡᠭᠡᠨ ᠤ ᠬᠦᠷᠢᠶᠡᠨ ᠤ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠨ᠎ᠠ︔ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠵᠣᠷᠢᠭᠵᠢᠭᠤᠯᠵᠤ᠂ ᠳᠤᠮᠳᠠ ᠵᠢᠵᠢᠭ ᠪᠢᠴᠢᠯ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ︔ ᠳᠣᠲᠣᠭᠠᠳᠤ ᠭᠠᠳᠠᠭᠠᠳᠤ ᠠᠷᠠᠯᠵᠢᠶᠠᠨ ᠤ ᠭᠦᠢᠯᠭᠡᠭᠡᠨ ᠤ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠡᠵᠡᠩᠨᠡᠯᠲᠡ ᠶᠢ ᠳᠡᠮᠵᠢᠨ᠎ᠡ᠃      ︵ᠲᠠᠪᠤ︶ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠨ ᠬᠥᠭᠵᠢᠭᠦᠯᠦᠨ᠎ᠡ᠄ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠤᠷ ᠢ ᠪᠠᠶᠢᠭᠤᠯᠵᠤ᠂ ᠭᠤᠣᠯᠯᠠᠬᠤ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠭᠤᠯᠤᠯᠲᠠ ᠶᠢ ᠲᠦᠷᠭᠡᠳᠬᠡᠵᠦ᠂ ᠭᠤᠣᠯ ᠰᠠᠯᠪᠤᠷᠢ ᠱᠤᠭᠤᠮ ᠬᠥᠮᠥᠷᠭᠡᠯᠡᠵᠦ ᠬᠦᠷᠭᠡᠬᠦ ᠲᠣᠣᠷ ᠢ ᠵᠣᠯᠭᠠᠭᠤᠯᠬᠤ ᠶᠢ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠪᠠᠷᠠᠭᠠᠨ ᠤ ᠭᠦᠢᠯᠭᠡᠭᠡᠨ ᠤ ᠲᠣᠤᠷ ᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠤ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ︔ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠭᠤᠣᠯᠯᠠᠬᠤ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠬᠦᠢᠲᠡᠨ ᠬᠡᠯᠬᠢᠶᠡᠨ ᠤ ᠲᠥᠪᠯᠡᠷᠡᠭᠦᠯᠦᠨ ᠳᠣᠭᠢᠷᠠᠭᠤᠯᠬᠤ ᠲᠥᠪ ᠢ ᠲᠦᠷᠭᠡᠳᠬᠡᠨ ᠪᠠᠶᠢᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ︔ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠢ ᠵᠣᠬᠢᠴᠠᠭᠤᠯᠤᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ᠂ ᠡᠩ ᠤᠨ ᠦᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠵᠤ ᠳᠣᠭᠢᠷᠠᠭᠤᠯᠤᠨ ᠬᠦᠷᠭᠡᠬᠦ ᠴᠢᠳᠠᠪᠤᠷᠢ ᠶᠢ ᠴᠢᠩᠭᠠᠳᠬᠠᠨ᠎ᠠ᠃      ︵ᠵᠢᠷᠭᠤᠭ᠎ᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠢᠯᠭᠡᠭᠡᠨ ᠤ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠄ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠰᠠᠭᠤᠷᠢ ᠪᠡᠯᠡᠳᠬᠡᠮᠵᠢ ᠶᠢᠨ ᠲᠣᠤᠷ ᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠵᠢᠴᠢ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠡᠩ ᠤᠨ ᠦᠶ᠎ᠡ ᠪᠠ ᠪᠠᠴᠢᠮ ᠪᠠᠶᠢᠳᠠᠯ ᠳᠤ ᠬᠡᠷᠡᠭᠯᠡᠬᠦ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠤᠶᠤᠨᠴᠢᠯᠠᠭᠰᠠᠨ ᠬᠥᠭᠵᠢᠯᠲᠡ ᠶᠢ ᠠᠬᠢᠭᠤᠯᠵᠤ᠂ ᠲᠡᠭᠡᠭᠡᠪᠦᠷᠢ ᠶᠢᠨ ᠪᠦᠲᠦᠴᠡ ᠶᠢ ᠲᠠᠰᠤᠷᠠᠯᠲᠠ ᠥᠬᠡᠶ ᠳᠣᠭᠢᠷᠠᠭᠤᠯᠤᠨ ᠰᠢᠯᠢᠳᠡᠭᠵᠢᠭᠦᠯᠵᠦ᠂ ︽ᠲᠣᠭᠠᠴᠢᠯᠠᠭᠰᠠᠨ ᠡᠬᠡ ᠬᠠᠭᠤᠷᠠᠶ ᠶᠢᠨ ᠭᠠᠷᠠᠮ︾ ᠤᠨ ᠪᠣᠬᠢᠷᠲᠤᠯ ᠥᠬᠡᠶ ᠣᠶᠤᠨᠴᠢ ᠪᠠᠷᠠᠭᠠᠨ ᠤ ᠭᠦᠢᠯᠭᠡᠭᠡᠨ ᠤ ᠵᠠᠭᠪᠤᠷ ᠢ ᠥᠷᠭᠡᠳᠬᠡᠨ᠎ᠡ᠃      ︵ᠳᠤᠯᠤᠭ᠎ᠠ︶ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠭᠦᠢᠯᠭᠡᠭᠡᠨ ᠳᠤ ᠦᠢᠯᠡᠴᠢᠯᠡᠬᠦ ᠴᠢᠳᠠᠪᠤᠷᠢ ᠶᠢ ᠥᠷᠭᠡᠳᠭᠡᠨ᠎ᠡ᠄ ᠮᠥᠩᠭᠦᠨ ᠭᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠭᠠᠨ᠎ᠠ᠃      ︵ᠨᠠᠢᠮᠠ︶ ᠭᠦᠢᠯᠭᠡᠭᠡᠨ ᠤ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠄ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠬᠡᠷᠡᠭᠯᠡᠬᠦ ᠶᠢ ᠠᠬᠢᠭᠤᠯᠵᠤ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠥᠷᠳᠡᠬᠦ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠭᠦᠢᠯᠭᠡᠭᠡᠨ ᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ᠢᠷᠡᠯᠲᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯᠲᠠᠶᠢᠯᠤᠮᠵᠢ ᠬᠢᠭᠰᠡᠨ ᠨᠢ᠄ ᠯᠢ ᠰᠢᠦᠸᠢ ᠮᠧᠩ   ᠤᠲᠠᠰᠤ᠄ 0471-4606331
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号