ᠰᠤᠷᠪᠤᠯᠵᠢᠯᠠᠬᠴᠢ ᠭᠦᠭᠡᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠳᠠ ᠶᠡᠷᠦᠩᠬᠡᠢ ᠪᠡᠯᠡ ᠤᠷᠤᠭᠤᠯᠤᠯᠳᠠ ᠨᠢ 1500 ᠳ᠋ᠦᠩᠰᠢᠭᠤᠷ | ᠲᠥᠭᠦᠷᠢᠭ ᠢ ᠳᠠᠪᠠᠭ᠋ᠤ 1100 ᠭᠠᠷᠤᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 4 | ᠰᠠᠷ᠎ᠠ ᠶᠢᠨ ᠡᠬᠢᠨ ᠪᠤᠯᠳᠠᠯ᠎ᠠ 834 ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢ ᠡᠬᠢᠯᠡᠭᠦᠯᠦᠭᠰᠡᠨ ᠪᠤᠶᠤ | ᠠᠵᠢᠯ ᠢᠶᠠᠨ ᠰᠡᠷᠭᠦᠭᠡᠪᠡ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠴᠢᠬᠤᠯᠠ ᠶᠡᠭᠡ ᠲᠦᠷᠦᠯ ᠵᠦᠢᠯ | 472 ᠪᠠᠶᠢᠵᠤ᠂ ᠪᠠᠷᠢᠯᠭ᠎ᠠ ᠡᠬᠢᠯᠡᠵᠦ ᠠᠵᠢᠯ ᠰᠡᠷᠭᠦᠭᠡᠭᠰᠡᠨ ᠨᠤᠷᠮ᠎ᠠ ᠨᠢ 91% ᠳᠤ ᠬᠦᠷᠴᠦ᠂ 294 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠵᠢᠯ ᠤᠨ ᠡᠭᠦᠷᠭᠡ ᠶᠢᠨ ᠢᠶᠠᠨ 23% ᠶᠢ | ᠪᠡᠶᠡᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠭᠦᠭᠡᠬᠤᠳᠠ ᠶᠢᠨ ᠡᠨᠡ ᠵᠢᠯ ᠰᠢᠨ᠎ᠡ ᠪᠠᠷ ᠪᠦᠲᠦᠭᠡᠨ ᠪᠠᠶᠢᠭᠤᠯᠬᠤ 204 ᠴᠢᠬᠤᠯᠠ | ᠶᠡᠭᠡ ᠲᠦᠷᠦᠯ ᠵᠦᠢᠯ ᠠᠴᠠ 190 ᠲᠦᠷᠦᠯ ᠵᠦᠢᠯ ᠨᠢ ᠨᠢᠭᠡᠨᠲᠡ ᠡᠮᠦᠨᠡᠬᠢ ᠬᠤᠭᠤᠴᠠᠭᠠᠨ ᠤ ᠭᠠᠷᠳᠠᠮ ᠢᠶᠠᠨ | ᠭᠦᠢᠴᠡᠳᠬᠡᠵᠦ᠂ ᠡᠮᠦᠨᠡᠬᠢ ᠬᠤᠭᠤᠴᠠᠭᠠᠨ ᠤ ᠭᠠᠷᠳᠠᠮ ᠢᠶᠠᠨ ᠭᠦᠢᠴᠡᠳᠬᠡᠭᠰᠡᠨ ᠨᠤᠷᠮ᠎ᠠ 93% ᠳᠤ ᠭᠦᠷᠪᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠤᠪᠢ ᠳᠤ᠂ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠰᠢᠨ᠎ᠡ ᠨᠢᠰᠬᠡᠯ | ᠤᠨ ᠪᠠᠭᠤᠳᠠᠯ ᠤᠨ ᠠᠭᠠᠷ ᠤᠨ ᠠᠶᠠᠯᠠᠯ ᠤᠨ ᠠᠰᠠᠷ ᠤᠨ ᠭᠤᠣᠯ ᠪᠠᠷᠢᠯᠭ᠎ᠠ ᠶᠢ ᠨᠢᠭᠡᠨᠲᠡ ᠴᠢᠮᠡᠭᠯᠡᠵᠦ ᠡᠬᠢᠯᠡᠨ᠂ ᠨᠢᠰᠬᠡᠯ | ᠤᠨ ᠪᠠᠭᠤᠳᠠᠯ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠭᠡᠷ ᠤᠨ ᠠᠲᠠᠷ ᠢ ᠲᠠᠯᠪᠢᠵᠠᠢ᠃ S43 ᠨᠢᠰᠬᠡᠯ | ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ᠂ S29 ᠭᠦᠭᠡᠬᠤᠳᠠ ᠠᠴᠠ ᠯᠢᠶᠡᠩᠴᠧᠩ ᠬᠦᠷᠬᠦ ᠲᠦᠷᠭᠡᠨ ᠤ | ᠵᠠᠰᠠᠮᠠᠯ ᠵᠠᠮ᠂ S311 ᠦᠴᠦᠸᠠᠨ ᠠᠴᠠ ᠤᠯᠢᠶᠠᠰᠤᠨ ᠳᠠᠪᠠᠭ᠎ᠠ ᠬᠦᠷᠬᠦ ᠵᠠᠰᠠᠮᠠᠯ ᠵᠠᠮ ᠤᠨ ᠭᠤᠣᠯ ᠪᠠᠷᠢᠯᠭ᠎ᠠ ᠶᠢ | ᠦᠨᠳᠦᠰᠦᠨ ᠳᠡᠭᠡᠨ ᠳᠠᠭᠤᠰᠬᠠᠨ᠂ ᠡᠨᠡ ᠵᠢᠯ ᠲᠡᠷᠭᠡ ᠨᠡᠪᠲᠡᠷᠡᠭᠦᠯᠬᠦ ᠪᠤᠯᠤᠨ᠎ᠠ᠃ ᠵᠢᠨᠱᠠᠨ ᠢᠯᠴᠢ ᠶᠢᠨ ᠴᠠᠭᠢᠯᠭᠠᠨ ᠤ | ᠭᠤᠷᠪᠠᠳᠤᠭᠠᠷ ᠬᠤᠭᠤᠴᠠᠭ᠎ᠠ ᠶᠢᠨ ᠪᠠᠷᠢᠯᠭ᠎ᠠ ᠶᠢ ᠱᠠᠯᠠᠪᠳᠠᠨ ᠠᠬᠢᠭᠤᠯᠵᠤ᠂ ᠰᠠᠨᠰᠠᠷ ᠤᠨ ᠠᠶᠠᠯᠠᠯ ᠤᠨ ᠠᠵᠤ ᠠᠬᠤᠢ | ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠵᠢᠴᠢ ᠪᠠᠷᠢᠮᠵᠢᠶᠠᠵᠢᠭᠰᠠᠨ ᠦᠢᠯᠡᠳᠪᠦᠷᠢ ᠶᠢᠨ | ᠲᠠᠰᠤᠭ ᠤᠨ ᠰᠠᠭᠤᠷᠢ ᠶᠢ ᠲᠠᠯᠪᠢᠵᠤ ᠪᠠᠷᠢᠯᠭ᠎ᠠ ᠡᠬᠢᠯᠡᠭᠦᠯᠪᠡ᠃ ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠤ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠳ᠋ᠠᠶᠢᠲ᠋ᠠ ᠶᠢᠨ ᠲᠥᠪ᠂ ᠬᠤᠸᠠ ᠸᠧᠢ ᠶᠢᠨ | ᠳ᠋ᠠᠶᠢᠲ᠋ᠠ ᠶᠢᠨ ᠲᠥᠪ᠂ ᠠᠲ᠋ᠧᠰ ᠭᠡᠷᠡᠯᠴᠢ ᠴᠡᠨᠡᠭ ᠤᠨ ᠪᠦᠭᠦ ᠠᠵᠤ ᠦᠢᠯᠡᠰ ᠤᠨ ᠬᠡᠯᠬᠢᠶᠡᠨ ᠤ ᠲᠦᠷᠦᠯ ᠵᠦᠢᠯ᠂ | ᠷᠦᠨ ᠶᠠ ᠰᠢᠨ᠎ᠡ ᠡᠨᠧᠷᠭᠢ᠂ ᠾᠧ ᠱᠧᠩ ᠨᠡᠭᠦᠷᠡᠰᠦᠲᠥ᠋ᠷᠥᠭᠴᠢᠲᠦ ᠴᠠᠬᠢᠭᠤᠷ᠂ ᠳᠤᠮᠳᠠᠳᠤ ᠤᠯᠤᠰ ᠤᠨ ᠲᠠᠷᠢᠶᠠᠯᠠᠩ | ᠤᠨ ᠬᠤᠯᠪᠣᠭᠠᠨ ᠤ ᠤᠯᠠᠨ ᠤᠯᠤᠰ ᠤᠨ ᠬᠦᠢᠲᠡᠨ ᠬᠡᠯᠬᠢᠶᠡᠨ ᠤ ᠡᠳ᠋ ᠪᠠᠷᠠᠭᠠᠨ ᠤ ᠭᠦᠢᠯᠭᠡᠭᠡ ᠶᠢᠨ ᠰᠠᠭᠤᠷᠢᠨ ᠵᠡᠷᠭᠡ | ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠤᠨ ᠪᠠᠷᠢᠯᠭ᠎ᠠ ᠶᠢ ᠡᠬᠢᠯᠡᠭᠦᠯᠦᠭᠰᠡᠨ ᠪᠤᠶᠤ ᠠᠵᠢᠯ ᠰᠡᠷᠭᠦᠭᠡᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶᠡᠨ ᠤ 229 ᠬᠠᠭᠤᠴᠢᠨ ᠰᠠᠭᠤᠭᠠᠯᠢ ᠠᠷᠠᠳ ᠤᠨ ᠲᠣᠭᠤᠷᠢᠭ | ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ 4 ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠭᠦᠨ ᠢ ᠪᠠᠷᠢᠯᠭ᠎ᠠ ᠡᠬᠢᠯᠡᠭᠦᠯᠬᠦ ᠪᠣᠯᠣᠨ᠎ᠠ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠡᠮᠦᠨᠡᠬᠢ ᠬᠤᠭᠤᠴᠠᠭᠠᠨ ᠤ | ᠠᠵᠢᠯ ᠢ ᠱᠠᠯᠠᠪᠳᠠᠨ ᠠᠬᠢᠭᠤᠯᠵᠤ᠂ ᠳᠤᠯᠠᠭᠠᠯᠠᠭ᠎ᠠ ᠵᠣᠭᠰᠣᠭᠰᠠᠭᠠᠷ ᠪᠠᠷᠢᠯᠭ᠎ᠠ ᠪᠠᠨ ᠡᠬᠢᠯᠡᠭᠦᠯᠬᠦ ᠶᠢ ᠪᠠᠲᠤᠯᠠᠪᠠ᠃ | |