ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/9
     ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠭᠦᠨᠵᠡᠭᠡᠶ ᠲᠤᠭᠤᠰᠢᠯᠠᠭᠤᠯᠵᠤ ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠶ ᠬᠥᠮᠦᠨ ᠬᠡᠷᠡᠭᠯᠡᠬᠦ ᠨᠢᠭᠡᠴᠢ᠂ ᠬᠥᠳᠡᠯᠮᠦᠷᠢᠴᠢᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ 22 ᠳ᠋ᠤᠭᠠᠷ ᠬᠠᠤᠯᠢ ᠶᠢ ᠰᠠᠶᠢᠲᠤᠷ ᠤᠬᠠᠭᠤᠯᠵᠤ ᠪᠠᠶᠢᠭ᠎ᠠ ᠦᠶ᠎ᠡ ᠳᠤ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠶ᠃      4 ᠰᠠᠷ᠎ᠠ ᠶᠢᠨ 25᠂ 5 ᠰᠠᠷ᠎ᠠ ᠶᠢᠨ 1 ᠤ ᠡᠳᠦᠷ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ  ᠤᠨ ᠬᠢᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠥᠷ ᠮᠣᠩᠭᠤᠯ ᠤᠨ ᠲᠢᠶᠠᠨ ᠬᠤᠤ ᠰᠢᠯᠦᠨ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠷᠢᠨᠭᠡᠷ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠷᠢᠨᠭᠡᠷ ᠰᠢᠶᠠᠨ ᠤ ᠱᠧᠩ ᠯᠧ ᠤᠯᠤᠰ ᠤᠨ ᠥᠮᠴᠢᠯᠡᠯ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ᠂ ᠬᠤᠷᠢᠨᠭᠡᠷ ᠰᠢᠶᠠᠨ ᠤ ᠠᠵᠢᠯᠴᠢᠨ ᠤ ᠰᠣᠶᠣᠯ ᠤᠨ ᠣᠷᠳᠣᠨ ᠵᠡᠷᠭᠡ ᠭᠠᠵᠠᠷ ᠲᠤ᠂ ᠤᠬᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ᠂ ᠦᠢᠯᠡᠳᠪᠦᠷᠢ ᠶᠢᠨ ᠲᠠᠰᠤᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠲᠤᠬᠠᠶ ᠶᠢᠨ ᠭᠠᠵᠠᠷ ᠲᠤᠨᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠠᠰᠠᠭᠤᠨ ᠯᠠᠪᠯᠠᠬᠤ ᠪᠠᠷ ᠢᠷᠡᠭᠰᠡᠨ ᠠᠵᠢᠯᠲᠠᠨ ᠠᠵᠢᠯᠴᠢᠨ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠡᠯ᠎ᠡ ᠵᠦᠢᠯ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠪᠠ ᠬᠠᠮᠢᠶ᠎ᠠ ᠪᠥᠬᠦᠶ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠬᠤ ᠬᠡᠷᠡᠭᠲᠡᠶ᠃ ᠬᠠᠤᠯᠢ ᠴᠠᠭᠠᠵᠠ ᠶᠢ ᠬᠡᠷᠬᠢᠨ ᠠᠰᠢᠭᠯᠠᠨ ᠥᠪᠡᠷ ᠤᠨ ᠡᠷᠡᠭᠦᠯ ᠮᠡᠨᠳᠤ ᠪᠠᠨ ᠬᠠᠮᠠᠭᠠᠯᠠᠬᠤ ᠪᠠ ᠥᠪᠡᠷ ᠤᠨ ᠡᠷᠡᠭᠦᠯ ᠮᠡᠨᠳᠤ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠥᠷᠭᠡᠨ ᠤᠯᠠᠨ ᠠᠷᠠᠳ ᠲᠦᠮᠡᠨ ᠳᠤ ᠣᠶᠢᠯᠠᠭᠠᠭᠤᠯᠪᠠ᠃ ᠲᠤᠰ ᠤᠳᠠᠭ᠎ᠠ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ 2 ᠤᠳᠠᠭ᠎ᠠ ᠵᠣᠬᠢᠶᠠᠨ ᠪᠠᠶᠢᠭᠤᠯᠵᠤ᠂ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ 2500 ᠭᠠᠷᠤᠢ ᠬᠤᠪᠢ ᠲᠠᠷᠬᠠᠭᠠᠵᠤ ᠂ ᠤᠬᠠᠭᠤᠯᠭ᠎ᠠ ᠶᠢᠨ ᠬᠦᠯᠢᠶᠡᠨ ᠠᠪᠤᠭᠴᠢᠳ ᠤᠨ ᠲᠤᠭ᠎ᠠ 3000 ᠭᠠᠷᠤᠢ ᠬᠥᠮᠦᠨ ᠳᠤ ᠬᠦᠷᠴᠡᠢ᠃      ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠥᠮᠦᠨ ᠬᠡᠷᠡᠭᠯᠡᠬᠦ ᠨᠢᠭᠡᠴᠢ ᠪᠠ ᠬᠥᠳᠡᠯᠮᠦᠷᠢᠴᠢᠨ ᠳᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠰᠠᠶᠢᠬᠠᠨ ᠤᠬᠠᠭᠤᠯᠭ᠎ᠠ ᠬᠢᠵᠦ᠂ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠶᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠤᠯᠠᠨ ᠬᠥᠳᠡᠯᠮᠦᠷᠢᠴᠢᠨ ᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠬᠦ ᠮᠡᠳᠡᠯᠭᠡ ᠵᠢᠴᠢ ᠡᠷᠡᠭᠦᠯ ᠮᠡᠨᠳᠤ ᠶᠢᠨ ᠡᠷᠬᠡ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢ ᠪᠠᠭᠠᠰᠬᠠᠬᠤ᠂ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠳᠤ ᠨᠢᠭᠡᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号