ᠬᠤᠷᠢᠨᠭᠡᠷ ᠰᠢᠶᠠᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/9
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯᠲᠠᠶ ᠪᠠᠷ ᠬᠥᠭᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ᠃ 4 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠢᠭᠡᠳᠦᠭᠡᠷ ᠳᠠᠪᠬᠤᠷᠯᠢᠭ ᠲᠤ ᠬᠤᠷᠢᠨᠭᠡᠷ ᠰᠢᠶᠠᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠵᠤ᠂ ᠦᠨᠳᠦᠰᠦᠲᠡᠨ ᠤ ᠰᠣᠶᠣᠯ ᠢ ᠲᠦᠭᠡᠮᠡᠯᠵᠢᠭᠦᠯᠵᠦ᠂ ᠦᠨᠳᠦᠰᠦᠲᠡᠨ ᠤ ᠡᠶ᠎ᠡ ᠵᠣᠬᠢᠴᠠᠩᠭᠤᠢ ᠶᠢ ᠬᠠᠮᠲᠤᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠦᠵᠡᠯ ᠰᠠᠨᠠᠭᠠᠨ ᠤ ᠰᠠᠭᠤᠷᠢ ᠶᠢ ᠰᠠᠶᠢᠲᠤᠷ ᠲᠠᠯᠪᠢᠵᠠᠢ᠃      ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠪᠦᠬᠦ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠤᠷᠢᠶᠠᠯᠠᠨ ᠳᠠᠶᠢᠴᠢᠯᠠᠵᠤ ᠢᠳᠡᠪᠬᠢᠲᠡᠶ ᠬᠥᠳᠡᠯᠦᠯᠴᠡᠵᠦ᠂ ︽ᠬᠤᠶᠠᠷ ᠢ ᠲᠤᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠲᠠᠪᠤ ᠶᠢ ᠮᠡᠳᠡᠷᠡᠬᠦ︾ ᠤᠬᠠᠮᠰᠠᠷ ᠢ ᠴᠢᠩᠭᠠᠳᠬᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠨᠡᠶᠢᠭᠡᠮ ᠳᠠᠶᠠᠭᠠᠷ ᠲᠤ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽8+N︾ ᠢᠶᠠᠷ ᠭᠠᠷᠳᠠᠴᠠ ᠪᠣᠯᠭᠠᠨ᠂ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠬᠵᠢᠭᠤᠯᠬᠤ᠂ ᠪᠣᠳᠠᠲᠤ ᠠᠵᠢᠯᠯᠠᠭ᠎ᠠ ᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ ᠪᠠᠬᠢᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠦᠨᠳᠦᠰᠦᠲᠡᠨ ᠤ ᠪᠦᠯᠬᠦᠮᠳᠡᠯ ᠲᠠᠢ᠂ ᠨᠡᠶᠢᠭᠡᠮ ᠤᠨ ᠲᠣᠭᠲᠠᠭᠤᠨ ᠡᠶ᠎ᠡ ᠵᠣᠬᠢᠴᠠᠩᠭᠤᠢ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号