ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠳᠣᠲᠣᠷ ᠰᠠᠯᠠᠭᠠᠨ ᠤ ︽ᠯᠢᠦ ᠶᠠᠨ ᠴᠢ ᠳ᠋ᠣᠺᠲ᠋ᠣᠷ ᠤᠨ ᠠᠵᠢᠯ ᠤᠨ ᠥᠷᠲᠡᠭᠡ︾ ᠵᠢᠴᠢ ︽ᠰᠤᠪᠢᠯᠠᠯᠲᠠ ᠶᠢᠨ ᠬᠤᠯᠪᠣᠭᠠᠨ ᠤ ᠰᠢᠩᠭᠡᠭᠡᠯᠲᠡ ᠶᠢᠨ ᠲᠤᠰᠬᠠᠶ ᠰᠠᠯᠠᠭᠠᠨ ᠤ ᠪᠦᠷᠢᠯᠳᠦᠬᠦᠨ  ᠨᠢᠭᠡᠴᠢ︾ ᠶᠢᠨ ᠫᠠᠶᠢᠰᠠ ᠰᠡᠬᠦᠬᠦ ᠶᠣᠰᠣᠯᠠᠯ ᠬᠤᠷᠢᠨᠭᠡᠷ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/9
     ᠮᠠᠨ ᠤ ᠰᠢᠶᠠᠨ ᠤ ᠬᠢᠲᠠᠳ ᠧᠦ᠋ᠷᠣᠫᠠ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠳ᠋ᠣᠺᠲ᠋ᠣᠷ ᠲᠤᠰᠬᠠᠶ ᠮᠡᠷᠭᠡᠵᠢᠯᠲᠡᠨ ᠤ ᠪᠦᠯᠬᠦᠮ ᠤᠨ ᠡᠮᠴᠢᠯᠡᠭᠡᠨ ᠤ ᠲᠤᠰᠬᠠᠶ ᠮᠡᠷᠭᠡᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠮᠡᠷᠭᠡᠵᠢᠯ ᠤᠨ ᠲᠠᠯ᠎ᠠ ᠪᠠᠷ ᠬᠢ ᠵᠢᠱᠢᠶ᠎ᠡ ᠦᠵᠡᠭᠦᠯᠬᠦ᠂ ᠬᠥᠲᠥᠯᠦᠨ ᠳᠠᠭᠠᠭᠤᠯᠬᠤ᠂ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ 4 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ ᠶᠢᠨ ᠳᠣᠲᠣᠷ ᠰᠠᠯᠠᠭᠠᠨ ᠤ ︽ᠯᠢᠦ ᠶᠠᠨ ᠴᠢ ᠳ᠋ᠣᠺᠲ᠋ᠣᠷ ᠤᠨ ᠠᠵᠢᠯ ᠤᠨ ᠥᠷᠲᠡᠭᠡ︾ ᠵᠢᠴᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ︽ᠰᠤᠪᠢᠯᠠᠯᠲᠠ ᠶᠢᠨ ᠬᠤᠯᠪᠣᠭᠠᠨ ᠤ ᠰᠢᠩᠭᠡᠭᠡᠯᠲᠡ ᠶᠢᠨ ᠲᠤᠰᠬᠠᠶ ᠰᠠᠯᠠᠭᠠᠨ ᠤ ᠪᠦᠷᠢᠯᠳᠦᠬᠦᠨ ᠨᠢᠭᠡᠴᠢ︾ ᠶᠢᠨ ᠫᠠᠶᠢᠰᠠ ᠰᠡᠬᠦᠬᠦ ᠶᠣᠰᠣᠯᠠᠯ ᠮᠠᠨ ᠤ ᠬᠤᠷᠢᠶᠠᠨ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠣᠣ ᠵᠢᠶᠠᠨ ᠮᠢᠨ᠂ ᠰᠤᠪᠢᠯᠠᠯᠲᠠ ᠶᠢᠨ ᠬᠡᠯᠲᠡᠰ ᠤᠨ ᠳᠡᠳ᠋ ᠡᠷᠬᠢᠯᠡᠭᠴᠢ ᠯᠢᠦ ᠰᠢᠶᠤᠤ ᠸᠧᠶ᠂ ᠰᠢᠩᠭᠡᠭᠡᠯᠲᠡ ᠶᠢᠨ ᠳᠣᠲᠣᠷ ᠰᠠᠯᠠᠭᠠᠨ ᠤ ᠳᠡᠳ᠋ ᠡᠷᠬᠢᠯᠡᠭᠴᠢ ᠯᠢᠦ ᠶᠠᠨ ᠴᠢ᠂ ᠬᠤᠷᠢᠨᠭᠡᠷ ᠰᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃      ᠲᠣᠰ ᠤᠳᠠᠭ᠎ᠠ ᠬᠤᠶᠠᠷ ᠲᠠᠯ᠎ᠠ ᠪᠠᠷ ᠢᠶᠠᠨ ᠲᠤᠰᠬᠠᠶ ᠮᠡᠷᠭᠡᠵᠢᠯᠲᠡᠨ ᠳ᠋ᠣᠺᠲ᠋ᠣᠷ ᠤᠨ ᠠᠵᠢᠯ ᠤᠨ ᠥᠷᠲᠡᠭᠡ ᠵᠢᠴᠢ ᠰᠢᠩᠭᠡᠭᠡᠯᠲᠡ ᠶᠢᠨ ᠳᠣᠲᠣᠭᠠᠳᠤ ᠳᠤᠷᠠᠨ ᠤ ᠲᠤᠰᠬᠠᠶ ᠮᠡᠷᠭᠡᠵᠢᠯ ᠤᠨ ᠬᠤᠯᠪᠣᠭ᠎ᠠ ᠶᠢ ᠬᠠᠮᠲᠤ ᠪᠠᠷ ᠪᠠᠶᠢᠭᠤᠯᠤᠭᠰᠠᠨ ᠨᠢ ᠬᠤᠶᠠᠷ ᠬᠦᠷᠢᠶᠡᠯᠡᠩ ᠤᠨ ᠰᠢᠩᠭᠡᠭᠡᠯᠲᠡ ᠶᠢᠨ ᠳᠣᠲᠣᠭᠠᠳᠤ ᠳᠤᠷᠠᠨ ᠤ ᠲᠥᠪ ᠨᠢ ᠰᠢᠨᠵᠢᠯᠡᠭᠡᠨ ᠤ ᠰᠠᠯᠠᠭ᠎ᠠ ᠶᠢ ᠬᠠᠮᠲᠤ ᠪᠠᠷ ᠪᠠᠶᠢᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠡᠮᠴᠢᠯᠡᠭᠡᠨ ᠳᠤ ᠳᠠᠭᠠᠭᠤᠯᠤᠨ ᠰᠤᠷᠭᠠᠬᠤ ᠵᠡᠷᠭᠡ ᠬᠦᠷᠢᠶᠡᠨ ᠳᠤ ᠰᠣᠯᠢᠯᠴᠠᠭ᠎ᠠ ᠪᠠ ᠬᠠᠮᠵᠢᠯᠴᠠᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠬᠢᠲᠠᠳ ᠧᠦ᠋ᠷᠣᠫᠠ ᠡᠮᠨᠡᠯᠭᠡ ᠶᠢᠨ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠡᠮᠭᠡᠭ ᠢ ᠡᠮᠨᠡᠨ ᠵᠠᠰᠠᠬᠤ ᠳᠤᠮᠳᠠᠬᠢ ᠰᠣᠯᠪᠢᠴᠠᠯ ᠤᠨ ᠴᠡᠭ ᠢ ᠢᠳᠡᠪᠬᠢᠲᠡᠶ ᠡᠷᠢᠯᠬᠢᠯᠡᠵᠦ᠂ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠡᠮᠭᠡᠭ ᠢ ᠣᠨᠣᠰᠢᠯᠠᠨ ᠵᠠᠰᠠᠬᠤ ᠴᠢᠳᠠᠪᠤᠷᠢ ᠶᠢ ᠬᠠᠮᠲᠤ ᠪᠠᠷ ᠳᠥᠯᠭᠢᠨ ᠠᠬᠢᠭᠤᠯᠬᠤ ᠶᠢ ᠬᠠᠷᠠᠭᠤᠯᠵᠤ ᠪᠠᠶᠢᠨ᠎ᠠ᠃ ᠡᠭᠦᠨ ᠤ ᠬᠠᠮᠲᠤ᠂ ᠰᠢᠩᠭᠡᠭᠡᠵᠦ ᠰᠤᠪᠢᠯᠠᠬᠤ ᠲᠤᠰᠬᠠᠶ ᠰᠠᠯᠠᠭᠠᠨ ᠤ ᠬᠤᠯᠪᠣᠭ᠎ᠠ ᠳᠤ ᠣᠷᠣᠯᠴᠠᠭᠰᠠᠨ ᠤ ᠳᠠᠷᠠᠭ᠎ᠠ᠂ ᠡᠷᠳᠡᠮ ᠰᠢᠨᠵᠢᠯᠡᠭᠡᠨ ᠤ ᠬᠠᠮᠲᠤᠷᠠᠯᠴᠠᠭ᠎ᠠ ᠬᠢᠬᠦ᠂ ᠶᠠᠰᠤ ᠴᠢᠨᠠᠷ ᠢ ᠬᠠᠮᠲᠤ ᠪᠠᠷ ᠪᠠᠶᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠭ᠎ᠠ ᠬᠢᠬᠦ ᠵᠡᠷᠭᠡ ᠣᠯᠠᠨ ᠵᠦᠢᠯ ᠤᠨ ᠠᠷᠭ᠎ᠠ ᠵᠠᠮ᠂ ᠣᠯᠠᠨ ᠶᠠᠩᠵᠤ ᠶᠢᠨ ᠬᠡᠯᠪᠡᠷᠢ ᠪᠠᠷ ᠳᠠᠮᠵᠢᠭᠤᠯᠤᠨ ᠰᠢᠯᠢᠳᠡᠭ ᠰᠤᠪᠢᠯᠠᠯᠲᠠ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠮᠠᠨ ᠤ ᠬᠤᠷᠢᠶᠠᠨ ᠤ ᠰᠤᠪᠢᠯᠠᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃      ᠲᠣᠰ ᠤᠳᠠᠭᠠᠨ ᠤ ᠳ᠋ᠣᠺᠲ᠋ᠣᠷ ᠤᠨ ᠠᠵᠢᠯ ᠤᠨ ᠥᠷᠲᠡᠭᠡ ᠳᠤ ᠭᠠᠷ ᠤᠨ ᠥᠰᠥᠭ ᠵᠢᠷᠤᠵᠤ ᠫᠠᠶᠢᠰᠠ ᠣᠯᠭᠤᠭᠰᠠᠨ ᠶᠠᠪᠤᠳᠠᠯ ᠨᠢ ᠮᠠᠨ ᠤ ᠰᠢᠶᠠᠨ ᠤ ᠡᠮ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠮᠥᠨ ᠴᠦ ᠮᠠᠨ ᠤ ᠬᠤᠷᠢᠶᠠᠨ ᠤ ᠳᠡᠭᠡᠳᠦ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠤᠶᠠᠨ ᠬᠠᠲᠠᠨ ᠢᠶᠠᠷ ᠣᠷᠣᠭᠤᠯᠤᠨ ᠠᠪᠴᠢᠷᠠᠭᠰᠠᠨ ᠤ ᠴᠢᠬᠤᠯᠠ ᠦᠷ᠎ᠡ ᠪᠦᠲᠦᠭᠡᠯ ᠪᠣᠯᠬᠤ ᠶᠤᠮ᠃ ᠬᠤᠶᠢᠰᠢᠳᠠ ᠬᠠᠷᠢᠶᠠᠲᠤ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠳᠣᠲᠣᠷ ᠰᠠᠯᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠨᠢ ᠲᠣᠭᠲᠠᠮᠠᠯ ᠬᠤᠭᠤᠴᠠᠭ᠎ᠠ ᠲᠠᠢ ᠪᠠᠷ ᠮᠠᠨ ᠤ ᠬᠤᠷᠢᠶᠠᠨ ᠳᠤ ᠬᠦᠷᠴᠦ ᠡᠪᠡᠳᠴᠢᠨ ᠦᠵᠡᠭᠦᠯᠬᠦ᠂ ᠮᠡᠰᠡ ᠵᠠᠰᠠᠯ ᠤᠨ ᠵᠢᠯᠣᠭᠤᠳᠣᠯᠭ᠎ᠠ ᠬᠢᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠲᠤᠰᠬᠠᠶ ᠰᠠᠯᠠᠭ᠎ᠠ ᠶᠢᠨ ᠬᠠᠮᠢᠶᠠᠷᠤᠯᠲᠠ ᠵᠡᠷᠭᠡ ᠰᠢᠷᠢᠰ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠦᠨ᠎ᠡ᠃ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠡᠮᠭᠡᠭ ᠵᠢᠴᠢ ᠰᠢᠩᠭᠡᠭᠡᠯᠲᠡ ᠶᠢᠨ ᠳᠣᠲᠣᠭᠠᠳᠤ ᠳᠤᠷᠠᠨ ᠤ ᠣᠨᠣᠰᠢᠯᠠᠨ ᠡᠮᠨᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠣᠶᠢᠯᠠᠭᠠᠭᠳᠠᠬᠤᠨ ᠢ ᠴᠢᠩᠭᠠᠷᠠᠭᠤᠯᠤᠨ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠲᠤᠰᠬᠠᠶ ᠰᠠᠯᠠᠭᠠᠨ ᠤ ᠬᠤᠯᠪᠣᠭ᠎ᠠ ᠶᠢᠨ ᠦᠷ᠎ᠡ ᠪᠦᠲᠦᠭᠡᠯ ᠢ ᠣᠯᠠᠨ ᠲᠦᠮᠡᠨ ᠳᠤ ᠨᠠᠩ ᠰᠠᠶᠢᠨ ᠬᠦᠷᠲᠡᠭᠡᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠳᠤ ᠬᠤᠪᠢ ᠨᠡᠮᠡᠷᠢ ᠦᠵᠡᠭᠦᠯᠦᠨ᠎ᠡ︕ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号