ᠬᠤᠷᠢᠨᠭᠡᠷ ᠰᠢᠶᠠᠨ ᠤ ᠨᠣᠮ ᠤᠨ ᠰᠠᠩ ᠰᠢᠨ ᠶᠢᠩᠽᠢ ᠪᠠᠭ᠎ᠠ ᠰᠤᠷᠭᠠᠭᠤᠯᠢ ᠳᠤ ᠣᠷᠣᠵᠤ ︽ᠨᠣᠮ ᠤᠨ ᠦᠨᠦᠷ ᠲᠠᠢ ᠪᠢᠴᠢᠭ ᠤᠨ ᠦᠷᠦᠭᠡ᠂ ᠪᠠᠶᠠᠷ ᠬᠥᠷ ᠲᠠᠢ ᠤᠩᠰᠢᠯᠭ᠎ᠠ ᠶᠢᠨ ᠲᠠᠰᠤᠭ︾ ᠭᠡᠬᠦ ᠭᠤᠤᠯ ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/9
     4 ᠰᠠᠷ᠎ᠠ ᠶᠢᠨ 30 ᠤ ᠡᠳᠦᠷ᠂ ᠬᠤᠷᠢᠨᠭᠡᠷ ᠰᠢᠶᠠᠨ ᠤ ᠨᠣᠮ ᠤᠨ ᠰᠠᠩ ᠱᠧᠩ ᠯᠧ ᠮᠦᠽᠧᠢ᠂ ᠰᠢᠨᠬᠤᠸᠠ ᠨᠣᠮ ᠤᠨ ᠳᠡᠯᠭᠡᠭᠦᠷ ᠲᠠᠢ ᠬᠠᠮᠲᠤ ᠰᠢᠨ᠎ᠡ ᠶᠢᠩᠽᠢ ᠪᠠᠭ᠎ᠠ ᠰᠤᠷᠭᠠᠭᠤᠯᠢ ᠳᠤ ᠬᠦᠷᠴᠦ ︽ᠨᠣᠮ ᠤᠨ ᠦᠨᠦᠷ ᠲᠠᠢ ᠪᠢᠴᠢᠭ ᠤᠨ ᠦᠷᠦᠭᠡ᠂ ᠪᠠᠶᠠᠷ ᠬᠥᠷ ᠲᠠᠢ ᠤᠩᠰᠢᠯᠭ᠎ᠠ ᠶᠢᠨ ᠲᠠᠰᠤᠭ︾ ᠭᠡᠬᠦ ᠭᠤᠣᠯ ᠰᠡᠳᠦᠪᠲᠦ ᠨᠣᠮ ᠤᠩᠰᠢᠬᠤ ᠠᠵᠢᠯᠯᠠᠭ᠎ᠠ ᠥᠷᠨᠢᠭᠦᠯᠪᠡ᠃      ᠰᠢᠶᠠᠨ ᠤ ᠨᠣᠮ ᠤᠨ ᠰᠠᠩ ᠠᠴᠠ 200 ᠭᠠᠷᠤᠢ ᠳᠡᠪᠲᠡᠷ ᠨᠣᠮ ᠪᠢᠴᠢᠭ ᠬᠠᠨᠳᠢᠪᠯᠠᠵᠤ᠂ ᠬᠡᠦᠬᠡᠳ ᠤᠨ ᠤᠳᠬ᠎ᠠ ᠵᠣᠬᠢᠶᠠᠯ᠂ ᠵᠢᠷᠤᠭᠲᠤ ᠨᠣᠮ᠂ ᠮᠡᠳᠡᠯᠭᠡ ᠶᠢᠨ ᠴᠢᠨᠠᠷᠲᠠᠢ ᠨᠣᠮ ᠵᠡᠷᠭᠡ ᠭᠤᠷᠪᠠᠨ ᠶᠡᠭᠡ ᠲᠦᠷᠦᠯ ᠢ ᠪᠠᠭᠲᠠᠭᠠᠵᠤ᠂ ᠡᠯ᠎ᠡ ᠣᠨ ᠤ ᠬᠡᠦᠬᠡᠳ ᠤᠨ ᠤᠩᠰᠢᠬᠤ ᠳᠤ ᠳᠤᠬᠢᠷᠠᠬᠤ ᠠᠭᠤᠯᠭ᠎ᠠ ᠶᠢ ᠪᠠᠭᠲᠠᠭᠠᠵᠤ᠂ ᠰᠣᠶᠣᠯ ᠢᠷᠭᠡᠨᠰᠢᠯ ᠤᠨ ᠤᠷᠠᠯᠢᠭ᠂ ᠰᠢᠨᠵᠢᠯᠡᠬᠦ ᠤᠬᠠᠭᠠᠨ ᠠᠯᠤᠰᠯᠠᠭᠰᠠᠨ ᠰᠡᠬᠡᠭᠡᠷᠡᠭᠦᠯᠦᠯᠲᠡ᠂ ᠠᠮᠢᠳᠠᠨ ᠤᠷᠭᠤᠮᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠤᠯᠠᠨ ᠰᠡᠳᠦᠪᠲᠦ ᠠᠭᠤᠯᠭ᠎ᠠ ᠶᠢ ᠪᠠᠭᠲᠠᠭᠠᠵᠤ᠂ ᠡᠯ᠎ᠡ ᠨᠠᠰᠤᠨ ᠤ ᠬᠡᠦᠬᠡᠳ ᠲᠤ ᠥᠪᠡᠷ ᠤᠨ ᠪᠡᠶ᠎ᠡ ᠳᠡᠭᠡᠨ ᠳᠤᠬᠢᠷᠠᠬᠤ ᠨᠣᠮ ᠪᠢᠴᠢᠭ ᠣᠯᠭᠤᠵᠤ᠂ ᠨᠡᠩ ᠤᠯᠠᠨ ᠡᠰᠢᠲᠦ ᠮᠡᠳᠡᠯᠭᠡ ᠶᠢ ᠡᠵᠡᠮᠰᠢᠭᠦᠯᠵᠡᠢ᠃      ᠰᠤᠷᠭᠠᠭᠤᠯᠢ ᠶᠢᠨ ᠡᠯ᠎ᠡ ᠠᠩᠭᠢ ᠶᠢᠨ ᠰᠤᠷᠤᠭᠴᠢᠳ ᠤᠨ ᠲᠥᠯᠥᠭᠡᠯᠡᠭᠴᠢᠳ ᠡᠨᠡᠬᠦ ᠬᠦᠨᠳᠦ ᠬᠡᠴᠡᠭᠦᠦ ᠣᠶᠤᠨ ᠰᠠᠨᠠᠭᠠᠨ ᠤ ᠪᠡᠯᠡᠭ ᠢ ᠬᠦᠯᠢᠶᠡᠨ ᠠᠪᠴᠤ᠂ ᠪᠠᠶᠠᠷ ᠪᠠᠭ᠋ᠠᠳᠤᠯ ᠤᠨ ᠰᠡᠳᠬᠢᠯᠭᠡ ᠶᠢ ᠦᠭᠡ ᠶᠠᠷᠢᠶ᠎ᠠ ᠪᠠ ᠢᠯᠡᠳᠬᠡᠯ ᠳᠤ ᠢᠯᠡᠳᠬᠡᠵᠦ᠂ ᠬᠡᠦᠬᠡᠳ ᠤᠳ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠰᠢᠨ᠎ᠡ ᠨᠢᠭᠡᠨ ᠡᠭᠡᠯᠵᠢ ᠶᠢᠨ ᠤᠩᠰᠢᠯᠭ᠎ᠠ ᠶᠢᠨ ᠥᠷᠨᠢᠯᠲᠡ ᠭᠠᠷᠭᠠᠵᠤ᠂ ᠥᠪᠡᠷ ᠤᠨ ᠮᠡᠳᠡᠯᠭᠡ ᠮᠡᠳᠡᠯᠭᠡ ᠪᠠᠨ ᠨᠡᠮᠡᠭᠳᠡᠭᠦᠯᠦᠨ᠂ ᠨᠣᠮ ᠤᠨ ᠳᠠᠯᠠᠶ ᠳᠤ ᠵᠤᠭᠠᠴᠠᠨ ᠲᠣᠭᠤᠷᠢᠬᠤ ᠪᠣᠯᠤᠨ᠎ᠠ᠃      ︽ᠨᠣᠮ ᠪᠡᠯᠡᠭᠯᠡᠬᠦ ᠶᠣᠰᠣᠯᠠᠯ︾ ᠳᠠᠭᠤᠰᠤᠭᠰᠠᠨ ᠤ ᠳᠠᠷᠠᠭ᠎ᠠ᠂ ᠬᠡᠦᠬᠡᠳ ᠤᠳ ᠲᠡᠰᠬᠡᠯ ᠦᠭᠡᠢ ᠰᠢᠨ᠎ᠡ ᠨᠣᠮ ᠢᠶᠠᠨ ᠰᠡᠬᠦᠵᠦ᠂ ᠬᠠᠮᠲᠤ ᠰᠤᠷᠤᠭᠴᠢᠳ ᠲᠠᠭᠠᠨ ᠥᠪᠡᠷ ᠤᠨ ᠳᠤᠷᠠᠲᠠᠢ ᠨᠣᠮ ᠢᠶᠠᠨ ᠲᠠᠨᠢᠯᠴᠠᠭᠤᠯᠬᠤ ᠪᠠᠷ ᠮᠡᠷᠡᠶᠢᠨ ᠴᠢᠷᠮᠠᠶᠢᠵᠤ᠂ ᠨᠣᠮ ᠤᠩᠰᠢᠬᠤ ᠳᠤᠮᠳᠠᠬᠢ ᠭᠤᠶᠢᠳᠠ ᠰᠠᠶᠢᠬᠠᠨ ᠴᠠᠭ ᠮᠥᠴᠡ ᠪᠠᠨ ᠬᠤᠪᠢᠶᠠᠯᠴᠠᠨ᠂ ᠤᠯᠠᠨ ᠢᠶᠠᠷ ᠢᠶᠠᠨ ᠨᠣᠮ ᠤᠨ ᠳᠤᠮᠳᠠ ᠠᠴᠠ ᠣᠨᠳᠣᠣ ᠶᠠᠩᠵᠤ ᠶᠢᠨ ᠶᠢᠷᠲᠢᠨᠴᠦ ᠶᠢ ᠣᠶᠢᠯᠠᠭᠠᠵᠤ ᠪᠠᠶᠢᠯ᠎ᠠ᠃ ᠲᠠᠷᠠᠭᠠᠴᠢ ᠶᠢᠨ ᠠᠯᠬᠤᠮ ᠳᠤ᠂ ᠨᠣᠮ ᠤᠨ ᠰᠠᠩ ︽ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾ ᠶᠢᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠡᠯ᠎ᠡ ᠵᠦᠢᠯ ᠤᠨ ᠨᠣᠮ ᠤᠩᠰᠢᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠤ ᠴᠠᠭ ᠢᠮᠠᠭᠲᠠ ᠨᠣᠮ ᠤᠨ ᠦᠨᠦᠷ ᠬᠠᠩᠬᠤᠯᠬᠤ ᠪᠣᠯᠤᠨ᠎ᠠ︕ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号