ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ 6807.36 ᠲᠦᠮᠡᠨ ᠲᠥᠭᠦᠷᠢᠭ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2024/5/9
     2024 ᠣᠨ ᠤ 4 ᠰᠠᠷ᠎ᠠ ᠶᠢᠨ 19 ᠤ ᠡᠳᠦᠷ ᠪᠣᠯᠲᠠᠯ᠎ᠠ᠂ ᠬᠤᠷᠢᠨᠭᠡᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠲᠠᠷᠬᠠᠭᠠᠭᠰᠠᠨ 6807.36 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠨᠢ ᠨᠡᠶᠢᠲᠡ 28 ᠵᠦᠢᠯ ᠤᠨ 201796 ᠬᠥᠮᠦᠨ ᠤᠳᠠᠭ᠎ᠠ ᠳᠤ ᠬᠤᠯᠪᠣᠭᠳᠠᠵᠠᠶ᠃      ᠨᠢᠭᠡ᠂ ᠲᠠᠷᠢᠶᠠᠯᠠᠩ ᠤᠨ ᠲᠦᠷᠦᠯ ᠤᠨ ᠨᠥᠬᠦᠪᠥᠷᠢ ᠶᠢ 964.22 ᠲᠦᠮᠡᠨ ᠲᠥᠭᠦᠷᠢᠭ ᠲᠠᠷᠬᠠᠭᠠᠵᠤ᠂ 302 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠡᠷᠳᠡᠨᠢ ᠰᠢᠰᠢ ᠦᠢᠯᠡᠳᠪᠦᠷᠢᠯᠡᠭᠴᠢᠳ ᠲᠤ 0.18 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠥᠷᠢ 864 ᠲᠦᠮᠡᠨ ᠲᠥᠭᠦᠷᠢᠭ︔ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ 0.27 ᠲᠦᠮᠡᠨ ᠲᠥᠭᠦᠷᠢᠭ︔ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ 99.78 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃      ᠬᠤᠶᠠᠷ᠂ ᠣᠶ ᠰᠢᠭᠤᠶ ᠶᠢᠨ ᠲᠥᠷᠥᠯ ᠤᠨ ᠨᠥᠬᠦᠪᠥᠷᠢ ᠶᠢ 20.25 ᠲᠦᠮᠡᠨ ᠲᠥᠭᠦᠷᠢᠭ ᠲᠠᠷᠬᠠᠭᠠᠵᠤ᠂ 370 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠴᠥᠮ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠪᠣᠯᠤᠨ᠎ᠠ᠃      ᠭᠤᠷᠪᠠ᠂ ᠲᠥᠯᠥᠪᠯᠡᠭᠡᠲᠦ ᠦᠷᠡᠵᠢᠯ ᠤᠨ ᠨᠥᠬᠦᠪᠥᠷᠢ 4.19 ᠲᠦᠮᠡᠨ ᠲᠥᠭᠦᠷᠢᠭ ᠲᠠᠷᠬᠠᠭᠠᠵᠤ᠂ 59 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠦᠷ᠎ᠡ ᠶᠢᠨ ᠭᠠᠭᠴᠠ ᠬᠡᠤᠬᠡᠳ ᠲᠠᠢ ᠡᠴᠢᠭᠡ ᠡᠬᠡ ᠶᠢ ᠱᠠᠩᠨᠠᠬᠤ ᠵᠠᠷᠤᠳᠠᠯ ᠨᠢ 0.01 ᠲᠦᠮᠡᠨ ᠲᠥᠭᠦᠷᠢᠭ︔ ᠲᠡᠳᠬᠦᠨ ᠳᠡᠮᠵᠢᠬᠦ ᠵᠠᠷᠤᠳᠠᠯ ᠢ 4.18 ᠲᠦᠮᠡᠨ ᠲᠥᠭᠦᠷᠢᠭ ᠱᠠᠩᠨᠠᠪᠠ᠃      ᠳᠥᠷᠪᠡ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠶᠢ 71.2 ᠲᠦᠮᠡᠨ ᠲᠥᠭᠦᠷᠢᠭ ᠲᠠᠷᠬᠠᠭᠠᠵᠤ᠂ 143 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠴᠥᠮ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠳᠤ ᠨᠥᠬᠦᠪᠥᠷᠢ ᠥᠭᠭᠦᠨ᠎ᠡ᠃      ᠲᠠᠪᠤ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠳᠤ 5527.87 ᠲᠦᠮᠡᠨ ᠲᠥᠭᠦᠷᠢᠭ ᠲᠠᠷᠬᠠᠭᠠᠵᠤ᠂ 200203 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠬᠤᠲᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 65.14 ᠲᠦᠮᠡᠨ ᠲᠥᠭᠦᠷᠢᠭ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 3663.01 ᠲᠦᠮᠡᠨ ᠲᠥᠭᠦᠷᠢᠭ︔ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠥᠷᠢ 278.08 ᠲᠦᠮᠡᠨ ᠲᠥᠭᠦᠷᠢᠭ︔ ᠠᠵᠢᠯ ᠠᠴᠠ ᠪᠠᠨ ᠪᠠᠭᠤᠭᠰᠠᠨ ᠬᠥᠭᠰᠢᠨ ᠪᠠᠭᠤᠷᠠᠶ ᠵᠡᠮᠳᠡᠭ ᠠᠵᠢᠯᠲᠠᠨ ᠠᠵᠢᠯᠴᠢᠨ ᠤ ᠲᠡᠳᠬᠦᠮᠵᠢ ᠶᠢᠨ ᠮᠥᠩᠭᠦ ᠶᠢ 0.28 ᠲᠦᠮᠡᠨ ᠲᠥᠭᠦᠷᠢᠭ ᠴᠣᠮᠬᠠᠳᠬᠠᠪᠠ︔ ᠭᠤᠷᠪᠠᠨ ᠠᠷᠠᠳ ᠲᠤ ᠲᠣᠭᠲᠠᠭᠰᠠᠨ ᠬᠤᠭᠤᠴᠠᠭ᠎ᠠ ᠲᠠᠢ ᠪᠠᠷ ᠲᠣᠭᠲᠠᠭᠰᠠᠨ ᠬᠡᠮᠵᠢᠶ᠎ᠡ ᠲᠠᠢ ᠨᠥᠬᠦᠪᠥᠷᠢ 39.29 ᠲᠦᠮᠡᠨ ᠲᠥᠭᠦᠷᠢᠭ ᠣᠯᠭᠤᠨ᠎ᠠ︔ ᠥᠨᠥᠴᠢᠨ ᠬᠡᠤᠬᠡᠳ ᠤᠨ ᠠᠰᠠᠷᠠᠨ ᠲᠡᠵᠢᠭᠡᠬᠦ ᠨᠥᠬᠦᠪᠥᠷᠢ 7.59 ᠲᠦᠮᠡᠨ ᠲᠥᠭᠦᠷᠢᠭ︔ ᠭᠤᠷᠪᠠ ᠥᠬᠡᠶ ᠬᠥᠮᠦᠰ ᠢ ᠠᠰᠠᠷᠠᠨ ᠲᠡᠵᠢᠭᠡᠬᠦ ᠨᠥᠬᠦᠪᠥᠷᠢ 1.94 ᠲᠦᠮᠡᠨ ᠲᠥᠭᠦᠷᠢᠭ︔ 290.35 ᠲᠦᠮᠡᠨ ᠲᠥᠭᠦᠷᠢᠭ ᠤᠨ ᠠᠰᠠᠷᠠᠮᠵᠢ ᠶᠢᠨ ᠨᠥᠬᠦᠪᠥᠷᠢ ᠣᠯᠭᠤᠨ᠎ᠠ︔ 208.17 ᠲᠦᠮᠡᠨ ᠲᠥᠭᠦᠷᠢᠭ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠪᠠ︔ ᠵᠡᠮᠳᠡᠭᠴᠦᠳ ᠲᠤ 362.43 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠠᠷᠤᠳᠠᠯ 169.76 ᠲᠦᠮᠡᠨ ᠲᠥᠭᠦᠷᠢᠭ︔ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 48.07 ᠲᠦᠮᠡᠨ ᠲᠥᠭᠦᠷᠢᠭ︔ ᠣᠷᠳᠣ ᠨᠠᠰᠤᠯᠠᠬᠤ ᠨᠥᠬᠦᠪᠥᠷᠢ 184.83 ᠲᠦᠮᠡᠨ ᠲᠥᠭᠦᠷᠢᠭ︔ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠰᠤᠪᠢᠯᠠᠬᠤ ᠨᠥᠬᠦᠪᠥᠷᠢ 20.11 ᠲᠦᠮᠡᠨ ᠲᠥᠭᠦᠷᠢᠭ︔ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ 187.3 ᠲᠦᠮᠡᠨ ᠲᠥᠭᠦᠷᠢᠭ︔ ᠬᠤᠲᠠ ᠪᠠᠯᠭᠠᠰᠤᠨ ᠤ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠦᠬᠦᠪᠦᠷᠢ 0.5 ᠲᠦᠮᠡᠨ ᠲᠦᠭᠦᠷᠢᠭ ᠲᠠᠷᠬᠠᠭᠠᠪᠠ᠃      ᠵᠢᠷᠭᠤᠭ᠎ᠠ᠂ ᠴᠠᠯᠢᠩ ᠤᠨ ᠨᠥᠬᠦᠪᠥᠷᠢ ᠶᠢᠨ ᠲᠥᠷᠥᠯ ᠳᠤ 219.63 ᠲᠦᠮᠡᠨ ᠲᠥᠭᠦᠷᠢᠭ ᠲᠠᠷᠬᠠᠭᠠᠵᠤ᠂ 719 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠴᠥᠭᠦᠷᠥᠮ ᠤᠨ ᠣᠷᠣᠨ ᠤ ᠨᠡᠭᠦᠳᠡᠯ ᠠᠷᠠᠳ ᠲᠤ 209.43 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ︔ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠳᠤ 0.60 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠠᠵᠢᠯ ᠤᠨ ᠨᠥᠬᠦᠪᠥᠷᠢ 9.60 ᠲᠦᠮᠡᠨ ᠲᠥᠭᠦᠷᠢᠭ ᠪᠣᠯᠤᠨ᠎ᠠ᠃      ᠳᠡᠭᠡᠷ᠎ᠡ ᠳᠤᠷᠠᠳᠤᠭᠰᠠᠨ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠴᠠᠭ ᠲᠤᠬᠠᠶ ᠳᠤᠨᠢ ᠲᠠᠷᠬᠠᠭᠠᠭᠰᠠᠨ ᠢᠶᠠᠷ ᠣᠷᠣᠯᠭ᠎ᠠ ᠪᠠᠭᠠᠲᠠᠶ ᠬᠠᠮᠲᠤᠯᠢᠭ ᠤᠨ ᠠᠮᠢᠳᠤᠷᠠᠯ ᠤᠨ ᠬᠡᠷᠡᠭᠴᠡᠭᠡ ᠶᠢ ᠪᠦᠲᠦᠮᠵᠢᠲᠡᠶ ᠪᠠᠷ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号