ᠬᠤᠷᠢᠨᠭᠡᠷ ᠰᠢᠶᠠᠨ ᠤ 2024 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2024/5/9
     ᠡᠨᠡ ᠵᠢᠯ ᠠᠴᠠ ᠨᠠᠰᠢ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ︽ᠠᠵᠤ ᠦᠢᠯᠡᠳᠪᠦᠷᠢ ᠶᠢ ᠬᠦᠴᠦᠷᠬᠡᠭᠵᠢᠭᠦᠯᠬᠦ︾᠂ ︽ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ︾᠂ ︽ᠬᠡᠷᠡᠭᠯᠡᠭᠡ ᠶᠢ ᠠᠬᠢᠭᠤᠯᠬᠤ︾ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ ᠬᠠᠨᠳᠤᠯᠭ᠎ᠠ ᠲᠠᠢ ᠪᠠᠷ ᠬᠦᠴᠦᠯᠡᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠢᠭᠡᠳᠦᠭᠡᠷ ᠤᠯᠠᠷᠢᠯ ᠳᠤ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠰᠠᠶᠢᠨ ᠰᠠᠶᠢᠬᠠᠨ ᠡᠬᠢᠯᠡᠯᠲᠡ ᠲᠠᠢ ᠪᠣᠯᠵᠠᠢ᠃      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 81.4 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠨᠡᠮᠡᠭᠳᠡᠯ ᠤᠨ ᠬᠤᠷᠳᠤᠴᠠ ᠨᠢ 8.5% ᠳᠤ ᠬᠦᠷᠴᠡᠶ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 3.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 52.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 4.1᠄ 64.5᠄ 31.4 ᠪᠣᠯᠤᠨ᠎ᠠ᠃      ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ      ᠨᠢᠭᠡᠳᠦᠭᠡᠷ ᠤᠯᠠᠷᠢᠯ ᠳᠤ᠂ ᠪᠥᠬᠦ ᠰᠢᠶᠠᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠰᠢᠶᠠᠨ ᠤ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 3.2% ᠪᠠᠶᠢᠵᠤ᠂ ᠪᠥᠬᠦ ᠰᠢᠶᠠᠨ ᠤ GDP ᠶᠢᠨ ᠨᠡᠮᠡᠭᠳᠡᠯ ᠢ 0.3 ᠵᠠᠭᠤᠨ ᠤ ᠨᠢᠭᠡᠴᠢ ᠳᠠᠶᠢᠴᠢᠯᠠᠪᠠ᠃      ᠬᠤᠶᠠᠷ᠂ ᠠᠵᠤ ᠦᠢᠯᠡᠳᠪᠦᠷᠢ ᠶᠢᠨ ᠠᠵᠤ ᠠᠬᠤᠶ ᠳᠡᠭᠡᠳᠦ ᠬᠡᠮᠵᠢᠶ᠎ᠡ ᠪᠠᠷ ᠠᠵᠢᠯᠯᠠᠵᠤ ᠪᠣᠢ      ᠨᠢᠭᠡᠳᠦᠭᠡᠷ ᠤᠯᠠᠷᠢᠯ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 17.3% ᠪᠠᠶᠢᠵᠤ᠂ ᠲᠥᠷᠥᠯ ᠵᠦᠢᠯ ᠬᠤᠪᠢᠶᠠᠵᠤ ᠦᠵᠡᠪᠡᠯ᠂ ᠦᠢᠯᠡᠳᠬᠦ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠣᠰ ᠲᠣᠰ ᠠᠳᠠᠯᠢ ᠬᠤᠭᠤᠴᠠᠭᠠᠨ ᠤ ᠬᠢ ᠠᠴᠠ 8.6% ᠪᠠ 18.0% ᠨᠡᠮᠡᠭᠳᠡᠵᠦ᠂ ᠪᠥᠬᠦ ᠰᠢᠶᠠᠨ ᠤ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠡᠶᠢᠲᠡ 83.8% ᠪᠠᠶᠢᠵᠤ᠂ ᠪᠥᠬᠦ ᠰᠢᠶᠠᠨ ᠤ GDP ᠶᠢᠨ ᠨᠡᠮᠡᠭᠳᠡᠯ ᠢ 7.1 ᠵᠠᠭᠤᠨ ᠤ ᠨᠢᠭᠡᠴᠢ ᠳᠠᠶᠢᠴᠢᠯᠠᠪᠠ᠃      ᠭᠤᠷᠪᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠢᠯᠡᠳᠲᠡ ᠪᠣᠯᠪᠠ      ᠨᠢᠭᠡᠳᠦᠭᠡᠷ ᠤᠯᠠᠷᠢᠯ ᠳᠤ᠂ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.8% ᠪᠠᠷ ᠨᠡᠮᠡᠭᠳᠡᠪᠡ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 125.2% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 58.3% ᠨᠡᠮᠡᠭᠳᠡᠪᠡ᠃      ᠲᠦᠷᠪᠡ᠂ ᠬᠡᠷᠡᠭᠯᠡᠭᠡᠨ ᠤ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠭᠤᠯᠪᠠ      ᠨᠢᠭᠡᠳᠦᠭᠡᠷ ᠤᠯᠠᠷᠢᠯ ᠳᠤ᠂ ᠪᠥᠬᠦ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 8.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠪᠣᠯᠤᠨ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.2% ᠪᠠ 4.1% ᠪᠠᠷ ᠨᠡᠮᠡᠭᠳᠡᠵᠦ᠂ ᠪᠥᠬᠦ ᠰᠢᠶᠠᠨ ᠤ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠨᠡᠶᠢᠲᠡ 1.8% ᠪᠠᠶᠢᠵᠤ᠂ ᠪᠥᠬᠦ ᠰᠢᠶᠠᠨ ᠤ GDP ᠶᠢᠨ ᠨᠡᠮᠡᠭᠳᠡᠯ ᠢ 0.2 ᠵᠠᠭᠤᠨ ᠤ ᠨᠢᠭᠡᠴᠢ ᠳᠠᠶᠢᠴᠢᠯᠠᠪᠠ᠃      ᠲᠠᠪᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠯᠠᠪᠳᠠᠭᠤᠨ ᠢᠶᠠᠷ ᠳᠡᠭᠡᠭᠰᠢᠯᠡᠪᠡ      ᠨᠢᠭᠡᠳᠦᠭᠡᠷ ᠤᠯᠠᠷᠢᠯ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.82% ᠢᠶᠠᠷ ᠨᠡᠮᠡᠭᠳᠡᠪᠡ᠂ ᠡᠭᠦᠨ ᠳᠤ ᠭᠠᠶᠢᠯᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.98% ᠪᠠᠷ ᠨᠡᠮᠡᠭᠳᠡᠵᠦ᠂ ᠭᠠᠶᠢᠯᠢ ᠶᠢᠨ ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 20.02% ᠢᠶᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 7.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.82% ᠢᠶᠠᠷ ᠨᠡᠮᠡᠭᠳᠡᠪᠡ᠂ ᠡᠭᠦᠨ ᠳᠤ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠲᠡᠯᠡᠶ ᠲᠠᠩᠭᠢᠰ ᠤᠨ ᠴᠠᠭ ᠠᠭᠤᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 1224.29%᠂ 209.38%᠂ 52.03% ᠪᠠᠷ ᠨᠡᠮᠡᠭᠳᠡᠪᠡ᠃      ᠵᠢᠷᠭᠤᠭ᠎ᠠ᠂ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠪᠠᠭᠠᠰᠪᠠ      ᠨᠢᠭᠡᠳᠦᠭᠡᠷ ᠤᠯᠠᠷᠢᠯ ᠳᠤ᠂ ᠪᠦᠬᠦ ᠰᠢᠶᠠᠨ ᠤ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9941 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠵᠡᠢ᠃ ᠪᠠᠶᠢᠩᠭᠤ ᠰᠠᠭᠤᠭ᠎ᠠ ᠭᠠᠵᠠᠷ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10834 ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.1 ᠵᠠᠭᠤᠨ ᠤ ᠨᠢᠭᠡᠴᠢ ᠳᠡᠭᠡᠭᠰᠢᠯᠡᠵᠡᠶ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9401 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.1 ᠵᠠᠭᠤᠨ ᠤ ᠨᠢᠭᠡᠴᠢ ᠪᠠᠭᠤᠷᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ ᠨᠢ 1.15 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.01 ᠪᠠᠭᠠᠰᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号