ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ | ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ | ᠬᠠᠮᠲᠤᠷᠠᠨ ︽ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠮᠡᠳᠡᠭᠳᠡᠯ︾ ᠢ ᠣᠶᠢᠷ᠎ᠠ ᠳᠤ | ᠳᠠᠷᠤᠮᠠᠯᠯᠠᠨ ᠲᠠᠷᠬᠠᠭᠠᠵᠤ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠱᠠᠲᠤ ᠦᠶᠡᠴᠢ ᠴᠢᠨᠠᠷᠲᠠᠢ᠂ ᠬᠠᠮ ᠭᠡᠯᠪᠡᠷᠢ ᠶᠢᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ ᠢ ᠨᠡᠶᠢᠲᠡᠯᠡᠪᠡ᠃ | ᠲᠤᠰ ︽ᠮᠡᠳᠡᠭᠳᠡᠯ︾ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ 3 | ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ | ᠲᠣᠭᠲᠠᠭᠠᠪᠠ᠃ | ᠨᠢᠭᠡ ᠳᠤ ᠳᠠᠷᠤᠭᠠᠰᠤ ᠶᠢ ᠬᠥᠩᠭᠡᠷᠡᠭᠦᠯᠬᠦ ᠲᠠᠯ᠎ᠠ ᠪᠠᠷ᠂ ᠠᠵᠢᠯ ᠠᠯᠳᠠᠯᠲᠠ ᠶᠢᠨ ᠳᠠᠭᠠᠳᠬᠠᠯ ᠤᠨ | ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠢ ᠪᠠᠷ 1% ᠭᠦᠷᠲᠡᠯ᠎ᠡ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ 2025 ᠣᠨ ᠤ ᠡᠴᠦᠰ ᠪᠤᠯᠲᠠᠯ᠎ᠠ ᠬᠡᠷᠡᠭᠵᠢᠭᠦᠯᠦᠨ᠎ᠡ᠃ | ᠬᠤᠶᠠᠷ ᠲᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠠᠵᠢᠯᠲᠠᠨ ᠬᠠᠰᠤᠬᠤ ᠦᠭᠡᠢ ᠪᠤᠶᠤ | ᠴᠥᠭᠡᠨ ᠬᠠᠰᠤᠬᠤ ᠳᠠᠭᠠᠳᠬᠠᠯ ᠳᠤ ᠣᠷᠣᠯᠴᠠᠬᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ 2024 ᠣᠨ ᠤ ᠡᠴᠦᠰ ᠪᠤᠯᠲᠠᠯ᠎ᠠ ᠦᠷᠭᠦᠯᠵᠢᠯᠡᠨ | ᠬᠡᠷᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ | ᠠᠵᠢᠯᠴᠢᠨ ᠤ ᠳᠡᠭᠡᠷ᠎ᠡ ᠵᠢᠯ ᠤᠨ ᠪᠣᠳᠠᠲᠠᠢ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ | 60% ᠠᠴᠠ ᠬᠡᠲᠦᠷᠡᠭᠦᠯᠬᠦ ᠦᠭᠡᠢ ᠪᠠᠷ ᠪᠤᠴᠠᠭᠠᠨ ᠥᠭᠴᠦ᠂ ᠲᠣᠮᠣ ᠠᠵᠤ ᠠᠬᠤᠶᠢᠯᠠᠯ ᠤᠨ ᠪᠤᠴᠠᠭᠠᠨ ᠥᠭᠬᠦ | ᠬᠠᠷᠢᠴᠠᠯ ᠢ 30% ᠠᠴᠠ ᠬᠡᠲᠦᠷᠡᠭᠦᠯᠬᠦ ᠦᠭᠡᠢ᠃ ᠪᠡᠯᠡ ᠮᠥᠩᠭᠦᠨ ᠤ ᠬᠡᠷᠡᠭᠴᠡᠭᠡ ᠶᠢ ᠣᠲᠣ ᠶᠢᠨ ᠬᠡᠷᠡᠭᠵᠢᠭᠦᠯᠵᠦ | ᠪᠠᠶᠢᠭ᠎ᠠ ᠳᠥᠷᠪᠡᠨ ᠵᠦᠢᠯ ᠤᠨ ᠲᠣᠭᠲᠠᠪᠤᠷᠢᠲᠠᠢ ᠠᠵᠢᠯ ᠤᠨ ᠪᠠᠶᠢᠷᠢ ᠶᠢᠨ ᠵᠠᠷᠤᠯᠭ᠎ᠠ ᠠᠴᠠ ᠦᠢᠯᠡᠳᠪᠦᠷᠢᠯᠡᠯ | ᠡᠵᠡᠩᠨᠡᠯᠲᠡ ᠶᠢᠨ ᠥᠪᠡᠷ ᠤᠨ ᠥᠷᠲᠡᠭ ᠤᠨ ᠵᠠᠷᠤᠯᠭ᠎ᠠ ᠶᠢ ᠪᠠᠭᠤᠷᠠᠭᠤᠯᠬᠤ ᠭᠦᠷᠲᠡᠯ᠎ᠡ ᠥᠷᠭᠡᠳᠭᠡᠨ᠎ᠡ᠃ ᠨᠡᠶᠢᠭᠡᠮ ᠤᠨ | ᠪᠦᠯᠭᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ | ᠬᠡᠷᠡᠭ ᠡᠷᠭᠢᠯᠡᠭᠦ ᠭᠠᠵᠠᠷ᠂ ᠨᠢᠭᠲᠠᠯᠠᠨ ᠪᠤᠳᠤᠬᠴᠢ ᠶᠢᠨ ᠬᠡᠷᠡᠭ ᠡᠷᠭᠢᠯᠡᠭᠦ ᠭᠠᠵᠠᠷ᠂ ᠨᠢᠭᠡᠴᠢ ᠶᠢᠨ ᠭᠡᠯᠪᠡᠷᠢ ᠪᠠᠷ | ᠳᠠᠭᠠᠳᠬᠠᠯ ᠳᠤ ᠣᠷᠣᠯᠴᠠᠬᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠳᠤ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ | ᠭᠤᠷᠪᠠ ᠳᠤ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ᠂ ᠤᠷ᠎ᠠ ᠴᠢᠳᠠᠪᠤᠷᠢ ᠶᠢ ᠳᠡᠭᠡᠭᠰᠢᠯᠡᠭᠦᠯᠭᠦ | ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠳᠠᠭᠠᠳᠬᠠᠯ ᠳᠤ ᠣᠷᠣᠯᠴᠠᠬᠰᠠᠨ ᠵᠢᠯ ᠬᠤᠭᠤᠴᠠᠭ᠎ᠠ ᠶᠢ ᠦᠷᠭᠦᠯᠵᠢᠯᠡᠨ | ᠤᠷᠲᠦ ᠲᠠᠯᠪᠢᠬᠤ ᠶᠢᠨ ᠬᠠᠮᠲᠤ ᠠᠰᠢᠭ ᠭᠦᠷᠳᠡᠭᠦ ᠬᠡᠪᠴᠢᠶ᠎ᠡ ᠶᠢ 2024 ᠣᠨ ᠤ ᠡᠴᠦᠰ ᠪᠤᠯᠲᠠᠯ᠎ᠠ ᠥᠷᠭᠡᠳᠬᠡᠵᠦ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠠᠳ ᠪᠦᠬᠦᠯᠢ 1 ᠵᠢᠯ ᠪᠣᠯᠤᠭᠰᠠᠨ᠂ ᠠᠵᠢᠯ ᠮᠡᠷᠭᠡᠵᠢᠯ ᠤᠨ ᠬᠢᠷᠢ | ᠭᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ | ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠪᠤᠶᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ | ᠠᠪᠤᠭᠰᠠᠨ ᠬᠥᠮᠥᠰ ᠲᠤ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠨᠥᠬᠦᠪᠦᠷᠢ ᠣᠯᠭᠤᠨ᠎ᠠ᠃ | ᠲᠤᠰ ︽ᠮᠡᠳᠡᠭᠳᠡᠯ︾ ᠳᠤ ᠪᠠᠰᠠ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ︽ᠰᠠᠭᠠᠳ ᠦᠭᠡᠢ | ᠣᠯᠬᠤ᠂ ᠠᠮᠤᠷ ᠲᠦᠪᠰᠢᠨ ᠭᠦᠢᠴᠡᠳᠬᠡᠬᠦ︾ ᠶᠢ ᠪᠠᠲᠤᠯᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ︽ᠬᠠᠮᠠᠭᠠᠯᠠᠬᠤ ᠠᠵᠢᠯᠯᠠᠭ᠎ᠠ︾ ᠪᠠ ᠤᠷ᠎ᠠ ᠴᠢᠳᠠᠪᠤᠷᠢ ᠶᠢ ︽ᠳᠡᠭᠡᠭᠰᠢᠯᠡᠭᠦᠯᠭᠦ ᠠᠵᠢᠯᠯᠠᠭ᠎ᠠ︾ | ᠶᠢ ᠶᠡᠭᠡ ᠪᠠᠷ ᠥᠷᠨᠢᠭᠦᠯᠵᠦ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ | ᠪᠠᠶᠢᠨ᠎ᠠ᠃ |