ᠰᠤᠷᠪᠤᠯᠵᠢᠯᠠᠬᠴᠢ 10 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ | 2024 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠳᠤ ᠪᠦᠭᠦ ᠤᠯᠤᠰ ᠤᠨ ᠰᠣᠶᠣᠯ | ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠪᠠ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ ᠤᠨ ᠪᠤᠳᠤᠬᠰᠠᠨ ᠢᠶᠠᠷ᠂ ᠪᠦᠭᠦ ᠤᠯᠤᠰ ᠤᠨ | ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠤᠨ ᠲᠤᠭ᠎ᠠ ᠨᠡᠶᠢᠲᠡ 1.1 ᠳ᠋ᠦᠩᠰᠢᠭᠤᠷ ᠬᠥᠮᠥᠨ ᠤᠳᠠᠭ᠎ᠠ ᠳᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠡᠶ᠃ ᠤᠯᠤᠰ ᠤᠨ | ᠳᠣᠲᠣᠭᠠᠳᠤ ᠶᠢᠨ ᠵᠢᠭᠤᠯᠴᠢᠯᠠᠬᠰᠠᠳ ᠤᠨ ᠵᠢᠭᠤᠯᠴᠢᠯᠠᠯ ᠤᠨ ᠶᠡᠷᠦᠩᠬᠡᠢ ᠵᠠᠷᠤᠳᠠᠯ 403.5 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠪᠡ᠃ | ᠠᠮᠠᠷᠠᠯᠲᠠ ᠶᠢᠨ ᠬᠤᠭᠤᠴᠠᠭᠠᠨ ᠳᠤ᠂ ᠤᠯᠠᠨ ᠲᠦᠮᠡᠨ ᠯᠤᠤᠲᠤ ᠣᠩᠭᠤᠴᠠ ᠤᠷᠤᠯᠳᠤᠨ᠂ ᠽᠦᠩᠽᠢ ᠢᠳᠡᠵᠦ᠂ | ᠨᠤᠲᠤᠭ ᠤᠨ ᠳᠠᠭᠤᠤ ᠳᠠᠭᠤᠯᠠᠨ᠂ ᠡᠷᠲᠡᠨ ᠤ ᠳᠠᠭᠤᠤ ᠶᠢ ᠰᠣᠨᠢᠷᠬᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ | ᠰᠣᠶᠣᠯ ᠤᠨ ᠠᠭᠤᠯᠤᠭᠳᠠᠬᠤᠨ ᠢ ᠵᠢᠭᠤᠯᠴᠢᠯᠠᠯ ᠤᠨ ᠬᠥᠭᠵᠢᠯᠲᠡ ᠲᠠᠢ ᠭᠦᠨᠵᠡᠭᠡᠢ ᠠᠭᠤᠰᠤᠯᠴᠠᠭᠤᠯᠪᠠ᠃ | ᠭᠤᠸᠠᠩᠳᠦ᠋ᠩ᠂ ᠬᠤᠨᠠᠨ᠂ ᠵᠧᠵᠢᠶᠠᠩ᠂ ᠭᠦᠢᠵᠧᠦ᠂ ᠶᠦᠨᠨᠠᠨ ᠵᠡᠷᠭᠡ ᠭᠠᠵᠠᠷ ᠯᠤᠤᠲᠤ ᠣᠩᠭᠤᠴᠠ ᠶᠢᠨ ᠤᠷᠤᠯᠳᠤᠭᠠᠨ | ᠶᠠᠪᠤᠭᠤᠯᠪᠠ᠃ ᠰᠢᠶᠧ ᠴᠧᠩ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠯᠤᠤᠲᠤ ᠣᠩᠭᠤᠴᠠ ᠪᠠᠷ ᠬᠥᠪᠥᠨ | ᠰᠢᠯᠵᠢᠭᠦ ᠤᠷᠤᠯᠳᠤᠭᠠᠨ ᠡᠷᠭᠢᠯᠡᠭᠰᠡᠨ ᠭᠤᠸᠠᠩᠳᠦ᠋ᠩ ᠤᠨ ᠹᠦᠸᠧᠱᠠᠨ ᠤ ᠲᠦᠷᠢᠶᠡᠰᠦᠨ ᠮᠠᠰᠢᠨ ᠲᠡᠷᠭᠡᠨ ᠤ | ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 250% ᠪᠠᠷ ᠨᠡᠮᠡᠭᠳᠡᠪᠡ᠃ 2024 | ᠣᠨ ᠤ ᠳᠤᠮᠳᠠᠳᠤ ᠤᠯᠤᠰ ᠤᠨ ᠮᠢ ᠯᠥᠸᠧ ᠵᠢᠶᠠᠩ ᠮᠥᠷᠡᠨ ᠤ ᠯᠤᠤᠲᠤ ᠣᠩᠭᠤᠴᠠ ᠶᠢᠨ ᠭᠡᠳᠦ ᠬᠤᠯᠪᠣᠭᠠᠲᠤ | ᠤᠷᠤᠯᠳᠤᠭᠠᠨ ᠢ ᠡᠷᠭᠢᠯᠡᠭᠰᠡᠨ ᠬᠤᠨᠠᠨ ᠤ ᠶᠤᠸᠠᠢ ᠶᠠᠩ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠵᠢᠭᠤᠯᠴᠢᠯᠠᠯ ᠤᠨ ᠵᠠᠬᠢᠶᠠᠯᠠᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 52% ᠢᠶᠠᠷ ᠨᠡᠮᠡᠭᠳᠡᠪᠡ᠃ | ᠳᠤᠮᠳᠠᠳᠤ ᠤᠯᠤᠰ· ᠲᠤᠤ ᠬᠤᠸᠠ ᠲᠠᠨ ᠠᠷᠪᠠᠨ ᠨᠢᠭᠡᠳᠦᠭᠡᠷ ᠬᠤᠭᠤᠴᠠᠭᠠᠨ ᠤ ᠯᠤᠤᠲᠤ ᠣᠩᠭᠤᠴᠠ ᠶᠢᠨ | ᠤᠷᠤᠯᠳᠤᠭᠠᠨ ᠨᠢ ᠠᠨᠾᠦ᠋ᠢ ᠶᠢᠨ ᠰᠢᠤᠸᠠᠨ ᠴᠧᠩ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ | ᠵᠠᠬᠢᠶᠠᠯᠠᠭ᠎ᠠ ᠶᠢ 32% ᠢᠶᠠᠷ ᠨᠡᠮᠡᠭᠳᠡᠭᠦᠯᠪᠡ᠃ | ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠥᠪᠡᠷᠮᠢᠴᠡ ᠣᠨᠴᠠᠯᠢᠭ ᠲᠠᠢ ᠠᠵᠢᠯᠯᠠᠭ᠎ᠠ᠂ | ᠰᠢᠨ᠎ᠡ ᠭᠡᠯᠪᠡᠷᠢ ᠶᠢᠨ ᠬᠡᠷᠡᠭᠯᠡᠭᠡᠨ ᠤ ᠲᠠᠯᠠᠪᠤᠷ ᠪᠣᠯᠣᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠵᠠᠯᠭᠠᠭ᠎ᠠ ᠪᠠᠷ ᠨᠡᠶᠢᠲᠡᠯᠡᠪᠡ᠃ ᠡᠯ᠎ᠡ ᠭᠠᠵᠠᠷ ᠤᠨ ᠬᠢᠨ ᠪᠠᠰᠠ ᠤᠯᠠᠮᠵᠢᠯᠠᠯᠲᠤ ᠠᠷᠠᠳ ᠤᠨ ᠵᠠᠩ ᠦᠶᠯᠡ᠂ ᠠᠷᠠᠳ ᠤᠨ | ᠤᠷᠠᠯᠢᠭ ᠢ ᠮᠦᠽᠧᠢ᠂ ᠤᠷᠠᠨ ᠵᠢᠷᠤᠭ ᠤᠨ ᠣᠷᠳᠣᠨ᠂ ᠨᠣᠮ ᠤᠨ ᠰᠠᠩ᠂ ᠰᠢ ᠵᠦᠴᠦᠭᠡ ᠶᠢᠨ ᠲᠠᠯᠠᠪᠠᠶ᠂ ᠺᠢᠨᠣ᠋ ᠶᠢᠨ | ᠣᠷᠳᠣᠨ ᠵᠡᠷᠭᠡ ᠰᠣᠶᠣᠯ ᠤᠨ ᠣᠷᠣᠨ ᠵᠠᠢ ᠳᠤ ᠣᠷᠭᠠᠨᠢᠭ ᠢᠶᠠᠷ ᠠᠭᠤᠰᠤᠯᠴᠠᠭᠤᠯᠵᠤ᠂ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠰᠢᠨ᠎ᠡ ᠪᠠᠶᠢᠳᠠᠯ ᠢ ᠪᠠᠶᠠᠯᠢᠭᠵᠢᠭᠤᠯᠪᠠ᠃ | ᠶᠡᠭᠡ ᠬᠡᠮᠵᠢᠶᠡᠨ ᠤ ᠵᠢᠭᠤᠯᠴᠢᠯᠠᠬᠰᠠᠳ ᠲᠤᠬᠠᠢ ᠶᠢᠨ ᠭᠠᠵᠠᠷ ᠲᠠᠭᠠᠨ ᠰᠡᠯᠡᠭᠦᠴᠡᠬᠦ ᠪᠤᠶᠤ ᠣᠶᠢᠷ᠎ᠠ | ᠬᠠᠪᠢ ᠳᠠᠭᠠᠨ ᠵᠢᠭᠤᠯᠴᠢᠯᠠᠬᠤ ᠶᠢ ᠰᠣᠩᠭᠤᠵᠤ᠂ ᠬᠤᠲᠠ ᠶᠢᠨ ᠲᠡᠭᠦᠷᠭᠡ ᠪᠠᠷ ᠤᠰᠤ ᠨᠠᠭᠠᠳᠬᠤ᠂ ᠵᠢᠮᠢᠰ ᠲᠡᠭᠦᠬᠦ᠂ | ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠬᠡᠭᠡᠷ᠎ᠡ ᠪᠠᠭᠤᠳᠠᠯᠯᠠᠬᠤ ᠵᠡᠷᠭᠡ ᠲᠥᠷᠥᠯ ᠵᠦᠢᠯ ᠨᠢ | ᠬᠥᠮᠥᠰ ᠤᠨ ᠲᠠᠭᠠᠰᠢᠶᠠᠯ ᠢ ᠣᠯᠵᠤ᠂ ᠰᠣᠶᠣᠯ ᠤᠨ ᠲᠠᠯᠠᠪᠠᠶ ᠣᠷᠳᠣᠨ᠂ ᠬᠤᠳᠠᠯᠳᠤᠭᠠᠨ ᠤ ᠵᠡᠭᠡᠯᠢ ᠲᠣᠭᠤᠷᠢᠭ ᠨᠢ | ᠵᠢᠭᠤᠯᠴᠢᠯᠠᠬᠰᠡᠳ ᠤᠨ ᠭᠤᠣᠯ ᠵᠢᠭᠤᠯᠴᠢᠯᠠᠨ ᠠᠮᠠᠷᠠᠬᠤ ᠣᠷᠣᠨ ᠵᠠᠢ ᠪᠣᠯᠪᠠ᠃ ᠤᠯᠤᠰ ᠤᠨ ᠲᠠᠰ ᠤᠨ ᠰᠥᠨᠢ ᠶᠢᠨ | ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠳᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠠᠷᠠᠳ ᠤᠨ ᠵᠠᠩ ᠦᠶᠯᠡ ᠶᠢᠨ | ᠵᠠᠬ᠎ᠠ ᠳᠡᠯᠭᠡᠭᠦᠷ ᠤᠨ ᠴᠤᠭᠯᠠᠭ᠎ᠠ ᠵᠡᠷᠭᠡ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠤᠣᠯ ᠰᠡᠳᠦᠪᠲᠦ | ᠣᠨᠴᠠᠯᠢᠭᠲᠤ ᠠᠵᠢᠯᠯᠠᠭ᠎ᠠ ᠶᠢ ᠡᠷᠭᠢᠯᠡᠵᠦ᠂ ᠰᠥᠨᠢ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ | ᠪᠠᠳᠠᠷᠠᠭᠤᠯᠪᠠ᠃ | ᠵᠢᠭᠤᠯᠴᠢᠯᠠᠬᠰᠠᠳ ᠶᠠᠪᠤᠬᠤ ᠲᠤᠲᠤᠮ ᠠᠮᠢᠳᠤᠯᠢᠭ᠂ ᠥᠪᠡᠷᠮᠢᠴᠡ ᠣᠨᠴᠠᠯᠢᠭ ᠲᠠᠢ ᠵᠢᠭᠤᠯᠴᠢᠯᠠᠬᠤ ᠭᠡᠯᠪᠡᠷᠢ ᠶᠢ | ᠰᠣᠩᠭᠤᠬᠤ ᠳᠤᠷᠠᠲᠠᠢ ᠪᠣᠯᠵᠤ᠂ ᠤᠳᠠᠭᠠᠨ ᠠᠶᠢᠵᠠᠮ ᠲᠠᠢ ᠵᠢᠭᠤᠯᠴᠢᠯᠠᠬᠤ᠂ ᠭᠦᠨᠵᠡᠭᠡᠢ ᠣᠶᠢᠯᠠᠭᠠᠬᠤ᠂ ᠰᠡᠯᠡᠭᠦᠴᠡᠬᠦ | ᠳᠤᠮᠳᠠ ᠠᠮᠢᠳᠤᠷᠠᠯ ᠢ ᠡᠳ᠋ᠯᠡᠵᠦ ᠪᠠᠶᠢᠨ᠎ᠠ᠃ ᠶᠦᠨᠨᠠᠨ᠂ ᠬᠥᠬᠡᠨᠠᠭᠤᠷ᠂ ᠭᠠᠨᠰᠤ᠂ ᠥᠪᠥᠷ ᠮᠣᠩᠭᠤᠯ᠂ ᠭᠦᠢᠵᠧᠦ ᠵᠡᠷᠭᠡ | ᠭᠠᠵᠠᠷ ᠨᠢ ᠵᠠᠯᠠᠭᠤᠴᠤᠳ ᠤᠨ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠬᠠᠯᠠᠮᠰᠢᠯ ᠰᠣᠩᠭᠤᠯᠲᠠ ᠪᠣᠯᠪᠠ᠃ | ︽ᠺᠢᠨᠣ᠋ ᠲᠧᠯᠸᠢᠰ + ᠰᠣᠶᠣᠯ ᠵᠢᠭᠤᠯᠴᠢᠯᠠᠯ︾ ᠤᠨ ᠬᠤᠣᠰ ᠴᠢᠭᠯᠡᠯᠲᠦ ᠴᠢᠳᠠᠮᠵᠢ ᠣᠯᠭᠤᠪᠠ᠂ ᠲᠧᠯᠸᠢᠰ ᠵᠦᠴᠦᠭᠡ ︽ | ᠮᠢᠨᠤ ᠠᠯᠲᠠᠢ︾ ᠶᠢᠨ ᠨᠡᠪᠲᠡᠷᠡᠭᠦᠯᠭᠡ ᠨᠢ ᠰᠢᠨᠵᠢᠶᠠᠩ ᠤᠨ ᠠᠯᠲᠠᠢ ᠣᠷᠣᠨ᠂ ᠢᠯᠢ ᠵᠧᠦ ᠵᠡᠷᠭᠡ ᠥᠪᠡᠷ ᠢᠶᠠᠨ ᠮᠠᠰᠢᠨ | ᠪᠠᠷᠢᠵᠤ ᠵᠢᠭᠤᠯᠴᠢᠯᠠᠬᠤ ᠬᠠᠷᠠᠯᠲᠠᠲᠤ ᠭᠠᠵᠠᠷ ᠣᠷᠣᠨ ᠢ ᠦᠷᠭᠦᠯᠵᠢᠯᠡᠨ ᠬᠥᠭᠵᠢᠶᠡᠨᠲᠡᠢ ᠪᠣᠯᠭᠠᠪᠠ᠃ ᠰᠢᠶᠧ | ᠴᠧᠩ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ | ᠬᠤᠭᠤᠴᠠᠭᠠᠨ ᠳᠤ ᠦᠷᠦᠮᠴᠢ ᠶᠢᠨ ᠮᠠᠰᠢᠨ ᠲᠦᠷᠢᠶᠡᠰᠦᠯᠡᠬᠦ ᠵᠠᠬᠢᠶᠠᠯᠠᠭ᠎ᠠ ᠶᠢᠨ ᠬᠠᠭᠤᠳᠠᠰᠤ ᠬᠤᠶᠠᠷ ᠳᠠᠭᠢᠨ | ᠨᠡᠮᠡᠭᠳᠡᠵᠦ᠂ ᠢᠨᠢᠩ ᠬᠤᠲᠠ 140% ᠪᠠᠷ ᠨᠡᠮᠡᠭᠳᠡᠪᠡ᠃ | |