ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ 7 ᠰᠠᠷ᠎ᠠ ᠶᠢᠨ 1 ᠠᠴᠠ ᠡᠬᠢᠯᠡᠨ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ | ᠦᠢᠯᠡᠴᠢᠯᠡᠭᠡᠨ ᠤ ᠵᠢᠷᠤᠮᠵᠢᠯ︾︵DB15/T3423 - 2024︶ ︽ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ | ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾︵DB15/T3424 - 2024︶ ᠭᠡᠬᠦ | ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠪᠠᠷ ᠪᠤᠢ᠃ | ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠴᠠᠭᠠᠨ ᠢᠳᠡᠭᠡᠨ᠂ ᠦᠬᠡᠷ ᠬᠤᠨᠢᠨ ᠮᠢᠬ᠎ᠠ ᠶᠢᠨ | ᠪᠦᠲᠦᠭᠡᠭᠳᠡᠬᠦᠨ ᠢ ᠬᠦᠢᠲᠡᠨ ᠢᠶᠠᠷ ᠬᠡᠯᠬᠢᠶᠡᠵᠢᠭᠦᠯᠦᠨ ᠲᠡᠭᠡᠭᠡᠪᠦᠷᠢᠯᠡᠬᠦ ᠦᠢᠯᠡᠴᠢᠯᠡᠭᠡᠨ ᠤ ᠲᠥᠬᠦᠭᠡᠷᠦᠮᠵᠢ᠂ ᠠᠵᠢᠯᠲᠠᠨ | ᠤ ᠬᠠᠮᠢᠶᠠᠷᠤᠯᠲᠠ᠂ ᠠᠴᠢᠶᠠᠯᠠᠵᠤ ᠪᠠᠭᠤᠯᠭᠠᠵᠤ ᠵᠥᠭᠡᠭᠡᠪᠦᠷᠢᠯᠡᠬᠦ᠂ ᠲᠡᠭᠡᠭᠡᠪᠦᠷᠢᠯᠡᠬᠦ᠂ ᠮᠡᠳᠡᠭᠡ ᠵᠠᠩᠭᠢ ᠶᠢᠨ ᠬᠠᠮᠢᠶᠠᠷᠤᠯᠲᠠ | ᠵᠡᠷᠭᠡ ᠡᠯᠧᠮᠧᠨ᠋ᠲ ᠤᠨ ᠮᠡᠷᠭᠡᠵᠢᠯ ᠤᠨ ᠨᠥᠬᠦᠴᠡᠯ ᠪᠠ ᠵᠠᠩᠭᠢᠯᠠᠭ᠎ᠠ ᠶᠢᠨ ᠪᠣᠯᠵᠣᠯᠲᠤ ᠲᠤᠭ᠎ᠠ ᠳᠤ ᠨᠠᠷᠢᠨ ᠲᠣᠭᠲᠠᠭᠠᠯ | ᠭᠠᠷᠭᠠᠪᠠ᠃ ᠡᠭᠦᠨ ᠠᠴᠠ ᠡᠮᠦᠨ᠎ᠡ ᠨᠢᠭᠡᠨᠲᠡ ᠨᠡᠶᠢᠲᠡᠯᠡᠭᠰᠡᠨ ᠡᠯ᠎ᠡ ᠲᠥᠷᠥᠯ ᠤᠨ ᠬᠦᠢᠲᠡᠨ ᠬᠡᠯᠬᠢᠶᠡᠲᠦ ᠡᠳ᠋ ᠪᠠᠷᠠᠭᠠᠨ | ᠤ ᠭᠦᠢᠯᠭᠡᠭᠡ ᠶᠢᠨ ᠤᠯᠤᠰ ᠪᠠ ᠣᠷᠣᠨ ᠨᠤᠲᠤᠭ ᠤᠨ ᠪᠠᠷᠢᠮᠵᠢᠶ᠎ᠠ ᠨᠡᠶᠢᠲᠡ 70 ᠭᠠᠷᠤᠢ ᠵᠦᠢᠯ ᠪᠠᠶᠢᠬᠤ ᠪᠤᠯᠪᠠᠴᠤ | ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠬᠠᠮᠢᠶ᠎ᠠ ᠪᠦᠬᠦᠢ ᠪᠠᠷᠢᠮᠵᠢᠶ᠎ᠠ ᠬᠠᠷᠠᠬᠠᠨ ᠦᠭᠡᠢ ᠪᠠᠶᠢᠵᠤ᠂ | ᠮᠠᠨ ᠤ ᠣᠷᠣᠨ ᠠᠴᠠ ᠨᠡᠶᠢᠲᠡᠯᠡᠨ ᠬᠡᠷᠡᠭᠵᠢᠭᠦᠯᠬᠦ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ | ᠦᠢᠯᠡᠴᠢᠯᠡᠭᠡᠨ ᠤ ᠵᠢᠷᠤᠮᠵᠢᠯ︾ ᠨᠢ ᠬᠤᠯᠪᠣᠭᠳᠠᠯ ᠪᠦᠬᠦᠢ ᠵᠢᠷᠤᠮᠵᠢᠯ ᠤᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ | ᠃ | ᠮᠠᠨ ᠤ ᠣᠷᠣᠨ ᠤ ᠲᠤᠰ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠳᠠᠭᠠᠨ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠤ ᠠᠵᠤ ᠦᠢᠯᠡᠰ ᠤᠨ ᠣᠨᠴᠠᠯᠢᠭ ᠲᠠᠢ ᠪᠠᠨ ᠭᠦᠨᠵᠡᠭᠡᠢ ᠤᠶᠠᠯᠳᠤᠭᠤᠯᠵᠤ᠂ ᠬᠦᠢᠲᠡᠨ ᠬᠡᠯᠬᠢᠶᠡᠲᠦ | ᠲᠡᠭᠡᠭᠡᠪᠦᠷᠢ ᠶᠢᠨ ᠨᠢᠭᠡᠳᠦᠯᠲᠡᠢ ᠮᠡᠷᠭᠡᠵᠢᠯ ᠤᠨ ᠱᠠᠭᠠᠷᠳᠠᠯᠭ᠎ᠠ᠂ ᠬᠠᠮᠢᠶᠠᠷᠤᠯᠲᠠ ᠶᠢᠨ ᠱᠠᠭᠠᠷᠳᠠᠯᠭ᠎ᠠ᠂ ᠠᠵᠢᠯᠯᠠᠬᠤ | ᠠᠷᠭ᠎ᠠ ᠪᠠ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠷᠢᠮᠵᠢᠶᠠᠵᠢᠭᠰᠠᠨ ᠠᠷᠭ᠎ᠠ ᠪᠠᠷᠢᠯ ᠢᠶᠠᠷ ᠳᠠᠮᠵᠢᠨ︽ᠮᠢᠬᠠᠨ ᠤ | ᠵᠦᠢᠯ ᠴᠠᠭᠠᠨ ᠢᠳᠡᠭᠡᠨ︾ ᠤ ᠦᠢᠯᠡᠴᠢᠯᠡᠬᠦ ᠡᠲᠡᠭᠡᠳ ᠲᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠰᠢᠰᠲ᠋ᠧᠮ ᠤᠨ | ᠪᠠᠶᠢᠭᠤᠯᠤᠯᠲᠠ ᠶᠢ ᠵᠢᠷᠤᠮᠯᠠᠬᠤ ᠳᠦᠷᠢᠮ ᠲᠠᠢ ᠪᠠᠶᠢᠯᠭᠠᠬᠤ ᠶᠢ ᠪᠠᠲᠤᠯᠠᠵᠤ᠂ ᠮᠠᠨ ᠤ ᠣᠷᠣᠨ ᠤ ᠴᠠᠭᠠᠨ ᠢᠳᠡᠭᠡᠨ᠂ | ᠦᠬᠡᠷ ᠬᠤᠨᠢᠨ ᠮᠢᠬ᠎ᠠ ᠶᠢᠨ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠠᠵᠢᠯ ᠤᠨ ᠠᠮᠤᠷ ᠲᠦᠪᠰᠢᠨ ᠢ | ᠳᠡᠭᠡᠭᠰᠢᠯᠡᠭᠦᠯᠭᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ | |