ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2024 - 2028 ᠣᠨ︶︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/14
     ᠣᠶᠢᠷ᠎ᠠ ᠳᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2024 -2028 ᠣᠨ︶︾ ︵ᠳᠣᠷᠣᠭᠰᠢ ︽ᠲᠥᠯᠦᠪᠵᠢᠭᠦᠯᠭᠡ ᠶᠢᠨ ᠬᠥᠲᠥᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠲᠥᠯᠦᠪᠵᠢᠭᠦᠯᠭᠡ ᠶᠢᠨ ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ 2024 - 2028 ᠣᠨ ᠤ ᠪᠦᠭᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠳᠤ ᠰᠢᠰᠲ᠋ᠧᠮ ᠲᠠᠢ ᠲᠥᠯᠦᠪᠵᠢᠭᠦᠯᠭᠡ ᠬᠢᠪᠡ᠂ ᠡᠨᠡ ᠪᠣᠯ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠶᠢᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃      ︽ᠲᠥᠯᠦᠪᠵᠢᠭᠦᠯᠭᠡ ᠶᠢᠨ ᠬᠥᠲᠥᠯᠪᠦᠷᠢ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠬᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠪᠠᠲᠤ ᠴᠢᠩᠭ᠎ᠠ ᠤᠳᠤᠷᠢᠳᠬᠤ ᠬᠠᠮᠲᠤ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤ ᠴᠣᠭᠴᠠᠯᠠᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠭᠤᠣᠯᠳᠠᠭᠤ ᠵᠢᠩᠬᠢᠨᠢ ᠲᠤᠰᠢᠶᠠᠯ ᠢ ᠰᠠᠶᠢᠲᠤᠷ ᠰᠣᠩᠭᠤᠵᠤ᠂ ᠨᠠᠰᠤᠨ ᠤ ᠪᠦᠲᠦᠴᠡ ᠶᠢ ᠰᠢᠯᠢᠳᠡᠭᠵᠢᠭᠦᠯᠦᠨ᠂ ᠲᠤᠰᠬᠠᠢ ᠮᠡᠷᠭᠡᠵᠢᠯ ᠤᠨ ᠪᠦᠲᠦᠴᠡ ᠶᠢ ᠰᠠᠶᠢᠵᠢᠷᠠᠭᠤᠯᠵᠤ᠂ ᠢᠷᠡᠯᠲᠡ ᠪᠠ ᠥᠩᠭᠡᠷᠡᠯᠲᠡ ᠶᠢᠨ ᠪᠦᠲᠦᠴᠡ ᠶᠢ ᠲᠡᠭᠦᠯᠳᠡᠷᠵᠢᠭᠦᠯᠦᠨ᠂ ᠰᠢᠯᠢᠳᠡᠭ ᠵᠠᠯᠠᠭᠤ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠶᠢ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠮᠡᠭᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠤᠳᠤᠷᠢᠳᠬᠤ ᠺᠠᠳ᠋ᠷ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠴᠢᠳᠠᠪᠤᠷᠢ ᠶᠢ ᠪᠤᠢ ᠪᠤᠯᠭᠠᠬᠤ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠷᠠᠳ ᠲᠦᠮᠡᠨ ᠳᠤ ᠪᠤᠶᠠᠨ ᠦᠢᠯᠡᠳᠬᠦ ᠶᠢ ᠵᠣᠷᠢᠭᠵᠢᠭᠤᠯᠵᠤ᠂ ᠵᠥᠪ ᠣᠨᠣᠪᠴᠢᠲᠠᠢ ᠠᠵᠢᠯ ᠤᠨ ᠪᠦᠳᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠥᠪ ᠴᠢᠩᠭ᠎ᠠ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃      ︽ᠲᠥᠯᠦᠪᠵᠢᠭᠦᠯᠭᠡ ᠶᠢᠨ ᠬᠥᠲᠥᠯᠪᠦᠷᠢ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠬᠥᠲᠥᠯᠪᠦᠷᠢ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号