ᠬᠤᠷᠢᠨᠭᠡᠷ ᠰᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠬᠤᠷᠢᠨ ᠭᠤᠷᠪᠠᠳᠤᠭᠠᠷ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠭᠤᠣᠯᠯᠠᠨ ᠡᠷᠬᠢᠯᠡᠭᠰᠡᠨ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠡᠳᠦᠷ ᠤᠨ ᠠᠵᠢᠯᠯᠠᠭ᠎ᠠ ᠱᠧᠩ ᠯᠧ ᠲᠠᠯᠠᠪᠠᠢ ᠳᠤ ᠶᠠᠪᠤᠭᠳᠠᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 13 ᠪᠦᠷᠢᠯᠳᠦᠬᠦᠨ ᠨᠢᠭᠡᠴᠢ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠨᠢ ᠠᠶᠤᠯᠭᠦᠶ ᠦᠢᠯᠡᠳᠪᠦᠷᠢᠯᠡᠯ ᠤᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠬᠥᠮᠦᠵᠢᠭᠦᠯᠦᠨ ᠳᠡᠭᠡᠭᠰᠢᠯᠡᠭᠦᠯᠵᠦ᠂ ᠬᠥᠮᠦᠨ ᠪᠦᠬᠦᠨ ᠠᠮᠢ ᠨᠠᠰᠤ ᠶᠢ ᠠᠩᠬᠠᠷᠬᠤ ᠵᠠᠮ᠂ ᠠᠮᠤᠷ ᠲᠦᠪᠰᠢᠨ ᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠳᠠᠳᠬᠠᠯ ᠢ ᠪᠣᠶ ᠪᠣᠯᠭᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠠᠵᠤ ᠠᠬᠤᠶᠢᠯᠠᠯ᠂ ᠬᠡᠷ ᠪᠦᠯᠢ᠂ ᠬᠤᠪᠢ ᠬᠥᠮᠦᠨ ᠳᠠᠰᠢ ᠤᠷᠲᠤᠳᠬᠠᠬᠤ ᠶᠢ ᠠᠬᠢᠭᠤᠯᠵᠤ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ᠂ ᠪᠥᠬᠦ ᠬᠥᠮᠦᠰ ᠠᠮᠢ ᠨᠠᠰᠤᠨ ᠤ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠪᠣᠳᠠᠲᠤ ᠪᠣᠳᠠᠰ ᠤᠨ ᠦᠵᠡᠭᠦᠯᠭᠡ᠂ ᠬᠡᠷᠬᠢᠨ ᠵᠡᠭᠦᠬᠦ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠥᠬᠦᠭᠡᠷᠦᠮᠵᠢ ᠶᠢᠨ ᠲᠦᠷᠦᠯ ᠵᠦᠢᠯ᠂ ᠬᠡᠷᠡᠭᠯᠡᠬᠦ ᠠᠷᠭ᠎ᠠ ᠵᠢᠴᠢ ᠠᠩᠬᠠᠷᠬᠤ ᠵᠦᠢᠯᠡᠰ ᠢ ᠨᠠᠷᠢᠨ ᠲᠠᠨᠢᠯᠴᠠᠭᠤᠯᠵᠤ᠂ ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠲᠣᠳᠣᠷᠬᠠᠶᠢᠯᠠᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠳᠡᠷᠭᠡᠳᠡᠬᠢ ᠭᠡᠮ ᠰᠣᠭᠤᠭ ᠢ ᠠᠩᠬᠠᠷᠴᠤ᠂ ᠠᠵᠢᠯ᠂ ᠠᠮᠢᠳᠤᠷᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠶᠢ ᠰᠠᠨᠠᠭᠤᠯᠪᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠢᠲᠠᠮᠠᠬᠠᠶ ᠬᠡᠢ ᠶᠢᠨ ᠠᠮᠤᠷ ᠲᠦᠪᠰᠢᠨ ᠳᠤ ᠪᠦᠬᠦ ᠠᠷᠠᠳ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠡᠷᠡᠭᠲᠡᠶ᠃ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠭᠡᠷ ᠪᠦᠯᠢ ᠨᠢᠭᠡᠪᠦᠷᠢ ᠳᠤ ᠬᠦᠷᠲᠡᠯ᠎ᠡ ᠨᠥᠯᠥᠭᠡᠯᠡᠨ ᠳᠠᠶᠢᠴᠢᠯᠠᠪᠠ᠃ ᠡᠯ᠎ᠡ ᠪᠦᠷᠢᠯᠳᠦᠬᠦᠨ ᠨᠢᠭᠡᠴᠢ ᠨᠦᠭᠦᠳ ᠪᠠᠰᠠ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠲᠥᠷᠥᠯ ᠤᠨ ᠣᠨᠴᠠᠯᠢᠭ ᠲᠠᠢ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠰᠢᠲᠠᠮᠠᠬᠠᠶ ᠬᠡᠶ᠂ ᠠᠷᠠᠯᠵᠢᠶ᠎ᠠ ᠬᠤᠳᠠᠯᠳᠤᠭ᠎ᠠ᠂ ᠵᠢᠭᠤᠯᠴᠢᠯᠠᠯ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ ᠲᠠᠯ᠎ᠠ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠡᠶ᠃ ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠨᠡᠶᠢᠲᠡ 270 ᠭᠠᠷᠤᠶ ᠣᠯᠠᠨ ᠲᠦᠮᠡᠨ ᠢ ᠭᠥᠯᠢᠶᠡᠨ ᠠᠪᠴᠤ᠂ 1900 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠠᠮᠤᠷ ᠲᠦᠪᠰᠢᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠡᠳᠦᠷ ᠤᠨ ᠠᠵᠢᠯᠯᠠᠭ᠎ᠠ ᠶᠢ ᠣᠷᠭᠢᠯ ᠳᠤ ᠨᠢ ᠬᠦᠷᠭᠡᠪᠡ᠃       ᠳᠠᠷᠠᠭᠠᠴᠢ ᠶᠢᠨ ᠠᠯᠬᠤᠮ ᠳᠤ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠪᠠᠰᠠ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠬᠤᠭᠤᠴᠠᠭᠠᠨ ᠳᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ᠂ ᠠᠮᠤᠷ ᠲᠦᠪᠰᠢᠨ ᠤ ᠤᠷᠠᠨ ᠰᠠᠶᠢᠬᠠᠨ ᠤ ᠵᠣᠬᠢᠶᠠᠨ ᠪᠦᠲᠦᠭᠡᠯᠭᠡ ᠶᠢᠨ ᠦᠵᠡᠭᠦᠯᠦᠯᠭᠡ ᠶᠢᠨ ᠲᠣᠭᠯᠠᠯᠲᠠ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠦᠨᠡᠨᠬᠦ ᠴᠢᠩᠭᠠᠳᠬᠠᠵᠤ᠂ ᠪᠦᠬᠦ ᠨᠡᠶᠢᠭᠡᠮ ᠳᠤ ᠠᠮᠤᠷ ᠲᠦᠪᠰᠢᠨ ᠢ ᠠᠩᠬᠠᠷᠬᠤ᠂ ᠠᠮᠢ ᠨᠠᠰᠤ ᠶᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号