ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠳ᠋ᠦ᠋ ᠰᠢᠶᠤᠤ ᠭᠤᠸᠠᠩ᠂ ᠸᠧᠢ ᠪᠢᠨ᠂ ᠶᠤᠸᠠᠨ ᠺᠠᠢ ᠢᠦᠢ ᠵᠡᠷᠭᠡ ᠭᠤᠷᠪᠠᠨ ᠨᠥᠬᠦᠷ ᠬᠤᠪᠢ ᠬᠥᠮᠦᠨ ᠤ ᠰᠤᠷᠤᠯᠴᠠᠯᠭ᠎ᠠ ᠶᠢᠨ ᠪᠠᠶᠢᠳᠠᠯ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠡᠰ ᠳᠠᠷᠠᠭᠠᠯᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠨᠡᠨᠬᠦ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠴᠢᠩᠭ᠎ᠠ ᠲᠠᠶᠢᠴᠢᠯᠠᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠪᠣᠯᠤᠨ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ᠂ ᠪᠣᠳᠠᠲᠤ ᠦᠷ᠎ᠡ ᠪᠦᠲᠦᠮᠵᠢ ᠣᠯᠵᠤ ︽ᠬᠤᠶᠠᠷ ᠶᠡᠭᠡ ᠶᠠᠪᠤᠳᠠᠯ︾ ᠢ ᠪᠡᠶᠡᠯᠡᠭᠦᠯᠬᠦ ᠪᠠ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠥᠪᠡᠷ ᠢ ᠪᠠᠨ ᠵᠠᠬᠢᠳᠠᠯ  ᠰᠣᠷᠪᠣᠯᠵᠢᠯᠠᠭ᠎ᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠭᠤᠷᠢᠨ ᠪᠠᠶᠢᠴᠠᠭᠠᠬᠤ ᠵᠡᠷᠭᠡ ᠭᠤᠣᠯ ᠡᠭᠦᠷᠭᠡ ᠳᠤ ᠦᠨᠡᠨ ᠬᠦ ᠲᠠᠯᠪᠢᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠭᠤᠣᠯ ᠠᠵᠢᠯ ᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠠᠷᠠᠳ ᠲᠦᠮᠡᠨ ᠤ ᠵᠣᠭᠰᠣᠯᠲᠠ ᠳᠤ ᠪᠠᠲᠤ ᠰᠠᠬᠢᠵᠤ᠂ ᠠᠷᠢᠭᠤᠨ ᠴᠢᠬᠡᠴᠢ ᠪᠠᠷ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ︽ᠲᠦᠷᠢᠮ︾ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ︽ᠰᠤᠳᠤᠯᠬᠤ︾ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠬᠤᠯᠪᠣᠭᠠᠯᠠᠬᠤ︾ ᠠᠷᠭ᠎ᠠ ᠶᠢ ᠰᠠᠶᠢᠲᠤᠷ ᠬᠡᠷᠡᠭᠯᠡᠵᠦ᠂ ︽ᠪᠣᠳᠠᠲᠠᠢ︾ ᠶᠢᠨ ᠱᠠᠭᠠᠷᠳᠠᠯᠭ᠎ᠠ ᠶᠢ ᠲᠤᠪᠤᠶᠢᠯᠭᠠᠵᠦ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠠᠢ ᠲᠠᠢ ᠨᠢᠭᠲᠠ ᠤᠶᠠᠯᠳᠤᠭᠤᠯᠵᠤ᠂ ᠨᠢᠭᠡ ᠨᠢᠭᠡ ᠪᠠᠷ ᠤᠩᠰᠢᠵᠤ᠂ ᠨᠢᠭᠡ ᠨᠢᠭᠡ ᠪᠠᠷ ᠤᠬᠠᠮᠰᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠴᠡ ᠲᠠᠢ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号