ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠵᠢᠴᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/18
     2024 ᠣᠨ ᠤ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ ︾ ᠪᠣᠯᠣᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠲᠥᠰᠥᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯᠳᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ᠂ ᠠᠮᠤᠷ ᠲᠦᠪᠰᠢᠨ ᠤ ᠬᠠᠷᠢᠭᠤᠴᠠᠯᠭ᠎ᠠ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠦᠨᠡᠨᠬᠦ ᠨᠡᠮᠡᠭᠳᠡᠭᠦᠯᠬᠦ ᠶᠢᠨ ᠲᠤᠰᠠᠳᠠ᠂ 6 ᠰᠠᠷ᠎ᠠ ᠶᠢᠨ 14 ᠤ ᠡᠳᠦᠷ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠬᠤᠶᠢᠲᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠶᠦᠨ ᠭᠦ᠋ ᠦᠢᠯᠡᠰ ᠪᠣᠰᠬᠠᠬᠤ ᠺᠣᠮᠫᠠᠨᠢ ᠲᠠᠢ ᠬᠤᠯᠪᠣᠭᠠᠯᠠᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠡᠳᠦᠷ ᠵᠢᠴᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠶᠢ ᠬᠠᠮᠲᠤᠪᠠᠷ ᠡᠷᠬᠢᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠠᠵᠢᠯᠲᠠᠨ ᠠᠵᠢᠯᠴᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠤᠬᠠᠭᠤᠯᠪᠠ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾᠂ ︽ᠠᠵᠤ ᠠᠬᠤᠶᠢᠯᠠᠯ ᠤᠨ ᠠᠶᠤᠯᠭᠦᠶ ᠶᠢᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠵᠡᠷᠭᠡ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ 6000 ᠭᠠᠷᠤᠶ ᠬᠤᠪᠢ ᠪᠠᠶᠢᠬᠤ ᠪᠥᠭᠡᠳ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠠᠶ᠃ ᠡᠭᠦᠨ ᠤ ᠬᠠᠮᠲᠤ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠵᠦ᠂ ᠠᠵᠢᠯᠲᠠᠨ ᠠᠵᠢᠯᠴᠢᠨ ᠢ ᠵᠢᠯᠣᠭᠤᠳᠤᠨ ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠪᠣᠯᠪᠠᠰᠤᠷᠠᠯ ᠬᠢᠯᠭᠡᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠮᠡᠷᠭᠡᠵᠢᠯ ᠤᠨ ᠴᠢᠳᠠᠪᠤᠷᠢ ᠪᠠ ᠠᠵᠢᠯᠲᠠᠨ ᠠᠵᠢᠯᠴᠢᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃      ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠬᠠᠷᠢᠭᠤᠴᠠᠯᠭ᠎ᠠ ᠬᠦᠨᠳᠦ ᠪᠣᠯᠬᠤᠷ ᠠᠶᠤᠯᠭᠦᠶ ᠦᠢᠯᠡᠳᠪᠦᠷᠢᠯᠡᠯ ᠢ ᠡᠷᠬᠡᠪᠰᠢ ᠪᠠᠶᠢᠩᠭᠤ ᠴᠥᠬᠦᠷᠡᠰᠢ ᠦᠭᠡᠢ ᠠᠳᠬᠤᠵᠤ᠂ ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠵᠣᠷᠢᠯᠲᠠ ᠶᠢ ᠪᠠᠲᠤ ᠪᠠᠬᠢ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠨᠡᠮᠡᠭᠳᠡᠭᠦᠯᠵᠦ᠂ ᠰᠢᠶᠠᠨ ᠤ ᠬᠡᠪᠴᠢᠶᠡᠨ ᠳᠠᠬᠢ ᠠᠵᠢᠯᠲᠠᠨ ᠠᠵᠢᠯᠴᠢᠨ ᠤ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠲᠠᠰᠤᠷᠠᠯᠲᠠ ᠥᠬᠡᠶ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠠᠮᠤᠷ ᠲᠦᠪᠰᠢᠨ ᠤ ᠰᠢᠨ᠎ᠡ ᠪᠠᠶᠢᠳᠠᠯ ᠢ ᠪᠣᠶ ᠪᠣᠯᠭᠠᠬᠤ ᠬᠡᠷᠡᠭᠲᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号