ᠬᠤᠷᠢᠨᠭᠡᠷ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/18
     ᠡᠨᠡ ᠵᠢᠯ ᠤᠨ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠬᠤ ᠶᠢᠨ ᠲᠥᠯᠥᠭᠡ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠬᠠᠮᠢᠶ᠎ᠠ ᠪᠦᠬᠦᠢ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠭᠤᠣᠯ ᠰᠡᠳᠦᠪ ᠲᠤ ᠭᠦᠨᠵᠡᠭᠡᠢ ᠠᠩᠬᠠᠷᠤᠯ ᠢᠶᠠᠨ ᠲᠥᠪᠯᠡᠷᠡᠭᠦᠯᠵᠡᠢ᠃ 6 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠣᠶ ᠰᠢᠭᠤᠶ ᠪᠠ ᠡᠪᠡᠰᠦ ᠪᠡᠯᠴᠢᠭᠡᠷ ᠤᠨ ᠲᠣᠪᠴᠢᠶ᠎ᠠ ᠱᠧᠩ ᠯᠧ ᠲᠠᠯᠠᠪᠠᠶ ᠳᠤ 2024 ᠣᠨ ᠤ ︽ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ︽ᠨᠢᠭᠤᠷᠳᠠᠬᠤ᠂ ᠵᠠᠢ ᠦᠭᠡᠢ᠂ ᠬᠠᠷᠢᠯᠴᠠᠨ ᠬᠥᠳᠡᠯᠦᠯᠴᠡᠬᠦ ᠮᠠᠶ᠋ᠢᠭ︾ ᠤᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠤᠢ ᠰᠢᠭᠤᠢ ᠡᠪᠡᠰᠦ ᠪᠡᠯᠴᠢᠭᠡᠷ ᠤᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠳᠤ ᠬᠠᠷᠢᠭᠤᠯᠲᠠ ᠥᠭᠴᠡᠢ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 800 ᠬᠤᠪᠢ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠭᠠᠷ ᠤᠭᠤᠲᠠ 800 ᠲᠠᠷᠬᠠᠭᠠᠪᠠ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠦᠷᠭᠦᠯᠵᠢᠯᠡᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠡᠰᠢᠵᠢᠭᠰᠡᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠴᠢᠩᠭᠠᠳᠬᠠᠵᠤ᠂ ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ ᠮᠠᠨ ᠤ ᠰᠢᠶᠠᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠤᠢ ᠰᠢᠭᠤᠢ ᠨᠤᠲᠤᠭ ᠪᠡᠯᠴᠢᠭᠡᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号